ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 4 ᠳ᠋ᠦᠭᠡᠷ ᠤᠳᠠᠭ᠎ᠠ ᠶᠢᠨ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/6/22
ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 4 ᠳ᠋ᠦᠭᠡᠷ ᠤᠳᠠᠭ᠎ᠠ ᠶᠢᠨ ᠬᠤᠰᠢᠭᠤᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    6 ᠳ᠋ᠤᠭᠠᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ 4 ᠳ᠋ᠦᠭᠡᠷ ᠤᠳᠠᠭᠠᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠳᠡᠳ᠋ ᠬᠤᠰᠢᠭᠤᠨ ᠳᠠᠷᠤᠭ᠎ᠠ ᠪᠠᠶ ᠯᠢᠩ᠂ ᠯᠢ ᠬᠦᠶ ᠹᠠᠩ᠂ ᠸᠠᠩ ᠸᠤᠨ ᡁᠢ᠂ ᠪᠢᠴᠡᠳᠤ᠂ ᠸᠠᠩ ᠯᠢ ᠭᠦᠸᠧ᠂ ᠮᠠ ᠶᠦᠩ ᠭᠠᠩ᠂ ᠢ ᠰᠢᠤ ᠴᠢᠤᠸᠠᠨ᠂ ᠯᠢᠦ ᠸᠧᠶ ᠬᠤᠷᠠᠯ ᠳᠤ ᠣᠷᠣᠯᠴᠠᠵᠤ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠷᠦᠩ ᠰᠢ ᠹᠤᠩ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢ ᠭᠤᠸᠠᠩ ᠵᠢᠶᠦ᠋ᠨ ᠵᠢᠴᠢ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠰᠤᠯᠠ ᠣᠷᠣᠯᠴᠠᠵᠠᠶ᠃    ᠬᠤᠷᠠᠯ ᠠᠴᠠ ᠳᠡᠭᠡᠳᠦ ᠱᠠᠲᠤᠨ ᠤ ᠠᠵᠤ ᠠᠬᠤᠶ ᠶᠢᠨ ᠶᠡᠭᠡ ᠬᠡᠪᠴᠢᠶ᠎ᠡ ᠶᠢ ᠲᠣᠭᠲᠠᠭᠤᠨ ᠪᠠᠶᠢᠯᠭᠠᠬᠤ ᠬᠠᠮᠢᠶ᠎ᠠ ᠪᠥᠬᠦᠶ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠪᠥᠬᠦ ᠬᠤᠰᠢᠭᠤᠨ ᠤ ᠥᠪᠡᠷ ᠢᠶᠠᠨ ᠪᠠᠷᠢᠭᠰᠠᠨ ᠬᠡᠷ ᠪᠠᠶᠢᠰᠢᠩ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠬᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠬᠠᠷᠠᠴᠢᠨ ᠬᠤᠰᠢᠭᠤᠨ ᠤ ᠡᠳ᠋ ᠤᠨ ᠵᠠᠰᠠᠭ ᠢ ᠵᠣᠯᠭᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠨᠥᠬᠦᠪᠥᠷᠢ ᠪᠠᠯᠠ ᠮᠥᠩᠭᠦ ᠶᠢᠨ ᠬᠠᠮᠢᠶᠠᠷᠤᠯᠲᠠ ᠶᠢᠨ ᠠᠷᠭ᠎ᠠ︾ ᠶᠢ ᠬᠢᠨᠠᠨ ᠵᠥᠪᠯᠡᠵᠦ᠂ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ ᠂ ᠡᠨᠡ ᠵᠢᠯ ᠪᠣᠯ ᠨᠠᠮ ᠤᠨ ᠬᠤᠷᠢᠳᠤᠭᠠᠷ ᠶᠡᠭᠡ ᠬᠤᠷᠠᠯ ᠬᠤᠷᠠᠯᠳᠤᠬᠤ ᠵᠢᠯ ᠪᠠᠢᠵᠤ ᠂ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠭᠤᠨ ᠪᠠᠶᠢᠯᠭᠠᠬᠤ ᠨᠢ ᠲᠦᠢᠯ ᠤᠨ ᠴᠢᠬᠤᠯᠠ ᠶᠤᠮ ᠭᠡᠵᠠᠢ ᠃ ᠪᠦᠬᠦ ᠬᠤᠰᠢᠭᠤ ᠪᠠᠷ ᠢᠶᠠᠨ ᠰᠢ ᠶᠢᠨ ᠫᠢᠩ ᠶᠡᠷᠦᠩᠬᠡᠶ ᠱᠦᠵᠢ ᠶᠢᠨ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠶ ᠪᠠᠷ ᠨᠢᠭᠡᠳᠦᠯᠲᠡᠶ ᠲᠥᠯᠥᠪᠯᠡᠵᠦ᠂ ᠠᠵᠤ ᠠᠬᠤᠶ ᠶᠢ ᠲᠣᠭᠲᠠᠪᠤᠷᠢᠵᠢᠭᠤᠯᠬᠤ ᠤᠯᠤᠰ ᠲᠦᠷᠦ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠨᠡᠮᠡᠭᠳᠡᠯ ᠢ ᠲᠣᠭᠲᠠᠪᠤᠷᠢᠵᠢᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠠᠵᠤ ᠠᠬᠤᠶ ᠶᠢᠨ ᠠᠵᠢᠯᠯᠠᠭᠠᠨ ᠤ ᠬᠡᠪᠴᠢᠶ᠎ᠡ ᠶᠢ ᠨᠡᠩ ᠶᠡᠭᠡ ᠡᠷᠴᠢᠮ ᠢᠶᠠᠷ ᠲᠣᠭᠲᠠᠪᠤᠷᠢᠵᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ᠬᠤᠷᠠᠯ ᠠᠴᠠ ᠱᠠᠭᠠᠷᠳᠠᠭᠰᠠᠨ ᠨᠢ ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠲᠤᠰ ᠭᠠᠵᠠᠷ ᠣᠷᠣᠨ ᠤ ᠠᠵᠤ ᠦᠢᠯᠡᠰ ᠤᠨ ᠣᠨᠴᠠᠯᠢᠭ ᠪᠣᠯᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠬᠤ᠂ ᠭᠦᠢᠴᠡᠳ ᠠᠰᠢᠭᠯᠠᠬᠤ ᠵᠠᠷᠴᠢᠮ ᠶᠣᠰᠣᠭᠠᠷ᠂ ᠡᠳ᠋ ᠤᠨ ᠵᠠᠰᠠᠭ ᠢ ᠵᠣᠯᠭᠠᠭᠤᠯᠬᠤ ᠪᠡᠯᠡ ᠮᠥᠩᠭᠦ ᠶᠢᠨ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠲᠦᠷᠦᠯ ᠵᠦᠢᠯ ᠤᠨ ᠬᠦᠳᠦᠯᠦᠨ ᠳᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠳᠤ ᠶᠢᠨ ᠪᠠᠶᠢᠭ᠎ᠠ ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠠᠬᠢᠭᠤᠯᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ︔ ᠲᠦᠷᠦᠯ ᠵᠦᠢᠯ ᠢ ᠬᠢᠨᠠᠨ ᠬᠠᠷᠭᠤᠭᠤᠯᠵᠤ ᠪᠣᠭᠤᠮᠲᠠ ᠰᠠᠬᠢᠬᠤ ᠶᠢ ᠴᠢᠩᠭᠠᠳᠬᠠᠵᠤ᠂ ᠲᠦᠷᠦᠯ ᠵᠦᠢᠯ ᠢ ᠬᠥᠮᠥᠷᠭᠡ ᠳᠤ ᠣᠷᠣᠭᠤᠯᠬᠤ ᠶᠢ ᠬᠢᠨᠠᠨ ᠬᠠᠷᠭᠤᠭᠤᠯᠬᠤ ᠶᠢ ᠴᠢᠩᠳᠠᠯᠠᠵᠤ᠂ ᠲᠦᠷᠦᠯ ᠵᠦᠢᠯ ᠤᠨ ᠬᠥᠮᠥᠷᠭᠡ ᠶᠢᠨ ᠬᠡᠪᠴᠢᠶ᠎ᠡ ᠶᠢ ᠵᠣᠬᠢᠰᠲᠠᠢ ᠲᠣᠭᠲᠠᠭᠠᠵᠤ᠂ ᠠᠵᠤ ᠦᠢᠯᠡᠰ ᠢᠶᠠᠷ ᠲᠡᠳᠬᠦᠬᠦ ᠪᠠ ᠶᠠᠳᠠᠭᠤ ᠠᠴᠠ ᠠᠩᠭᠢᠵᠢᠷᠠᠭᠤᠯᠬᠤ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ︔ ᠲᠥᠷᠥᠯ ᠵᠦᠢᠯ ᠤᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠪᠠᠯᠠ ᠮᠥᠩᠭᠦ ᠰᠠᠯᠭᠠᠨ ᠥᠭᠬᠦ ᠵᠡᠷᠭᠡ ᠠᠵᠢᠯ ᠢ ᠬᠠᠤᠯᠢ ᠲᠣᠭᠲᠠᠭᠠᠯ ᠳᠤ ᠨᠡᠶᠢᠴᠡᠭᠦᠯᠦᠨ ᠰᠠᠶᠢᠲᠤᠷ ᠬᠢᠵᠦ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号