ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠳᠤ ᠬᠦᠷᠴᠦ ᠮᠠᠨ ᠤ ᠬᠤᠰᠢᠭᠤᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/6/24
ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠳᠤ ᠬᠦᠷᠴᠦ ᠮᠠᠨ ᠤ ᠬᠤᠰᠢᠭᠤᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ    6 ᠰᠠᠷ᠎ᠠ ᠶᠢᠨ 22 ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠠᠷᠪᠠᠨ ᠭᠡᠷ ᠮᠠᠨᠵᠤ ᠦᠨᠳᠦᠰᠦᠲᠡᠨ ᠤ ᠰᠢᠶᠠᠩ ᠳᠤ ᠬᠦᠷᠴᠦ᠂ ᠮᠠᠨ ᠤ ᠬᠤᠰᠢᠭᠤᠨ ᠤ ᠬᠡᠰᠡᠭ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ  ᠸᠧᠨ ᠳ᠋ᠦᠩ ᠪᠠᠷ᠎ᠠ ᠪᠣᠯᠪᠠ᠃    ᠹᠠᠩ ᠷᠦᠢ ᠤᠷᠢᠳ ᠬᠤᠵᠢᠳ ᠤᠯᠠᠭᠠᠨᠬᠠᠳᠠ ᠶᠢᠨ ᠷᠦᠢ ᠶᠤᠸᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠪᠣᠯᠤᠨ ᠰᠠᠨ ᠳ᠋ᠤᠤ ᠢᠩᠽᠢ ᠲᠣᠰᠬᠤᠨ ᠳᠤ ᠬᠦᠷᠴᠦ᠂ ᠬᠤᠯᠪᠣᠭᠳᠠᠯ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠤᠨᠤᠰᠴᠤ ᠂ ᠲᠤᠬᠠᠢ ᠶᠢᠨ ᠭᠠᠵᠠᠷ ᠲᠤᠨᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠵᠤ᠂ ᠲᠦᠷᠦᠯ ᠵᠦᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃    ᠤᠯᠠᠭᠠᠨᠬᠠᠳᠠ ᠶᠢᠨ ᠷᠦᠢ ᠶᠤᠸᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠳᠤ᠂ ᠹᠠᠩ ᠷᠦᠢ ᠵᠢᠭᠠᠵᠤ ᠭᠠᠷᠭᠠᠬᠤ ᠳᠠᠭᠠᠨ᠂ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠶᠢ ᠵᠣᠬᠢᠰᠲᠠᠢ ᠠᠰᠢᠭᠯᠠᠵᠤ᠂ ᠲᠦᠷᠦᠯ ᠵᠦᠢᠯ ᠤᠨ ᠵᠢᠷᠤᠭ ᠲᠥᠯᠥᠪᠯᠡᠭᠡ ᠶᠢᠨ ᠲᠥᠰᠦᠯ ᠢ ᠤᠯᠠᠮ ᠴᠢᠨᠠᠭᠰᠢᠳᠠ ᠰᠢᠯᠢᠳᠡᠭᠵᠢᠭᠦᠯᠵᠦ᠂ ᠢᠨᠵᠧᠨᠧᠷᠢᠩ ᠤᠨ ᠪᠦᠳᠦᠭᠡᠨ ᠪᠠᠶᠢᠭᠤᠯᠤᠯᠲᠠ ᠶᠢᠨ ᠰᠢᠨᠵᠢᠯᠡᠬᠦ ᠤᠬᠠᠭᠠᠨᠴᠢ ᠪᠥᠭᠡᠳ ᠪᠣᠳᠠᠲᠤ ᠬᠡᠷᠡᠭᠴᠡᠭᠡ ᠲᠠᠢ᠂ ᠦᠢᠯᠡᠳᠪᠦᠷᠢᠯᠡᠯ ᠳᠤ ᠲᠦᠭᠦᠮ ᠪᠠᠶᠢᠬᠤ ᠶᠢ ᠪᠠᠲᠤᠯᠠᠬᠤ ᠬᠡᠷᠡᠭᠲᠡᠢ︔ ᠲᠡᠷᠢᠭᠦᠨ ᠤ ᠲᠧᠭᠨᠢᠭ ᠮᠡᠷᠭᠡᠵᠢᠯ ᠪᠠ ᠲᠥᠬᠦᠭᠡᠷᠦᠮᠵᠢ ᠶᠢ ᠢᠳᠡᠪᠬᠢᠲᠡᠶ ᠪᠠᠷ ᠣᠷᠣᠭᠤᠯᠵᠤ ᠠᠪᠴᠢᠷᠠᠬᠤ ᠬᠡᠷᠡᠭᠲᠡᠶ︔ ᠪᠣᠬᠢᠷᠲᠤᠯ ᠦᠭᠡᠢ ᠪᠠᠷᠢᠯᠭ᠎ᠠ᠂ ᠠᠮᠢ ᠠᠬᠤᠢ ᠶᠢᠨ ᠪᠠᠷᠢᠯᠭ᠎ᠠ ᠪᠠᠷ ᠰᠠᠭᠤᠷᠢ ᠪᠠ ᠤᠷᠢᠲᠠᠯ ᠪᠣᠯᠭᠠᠵᠤ᠂ ᠪᠠᠷᠢᠯᠭ᠎ᠠ ᠶᠢᠨ ᠲᠤᠬᠠᠢ ᠶᠢᠨ ᠭᠠᠵᠠᠷ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠪᠠᠲᠤᠯᠠᠬᠤ ᠬᠡᠷᠡᠭᠲᠡᠢ︔ ᠡᠭᠦᠨ ᠤ ᠵᠡᠷᠭᠡᠴᠡᠭᠡᠪᠡᠷ᠂ ᠠᠵᠤ ᠠᠬᠤᠶᠢᠯᠠᠯ ᠤᠳ ᠡᠯ᠎ᠡ ᠵᠦᠢᠯ ᠤᠨ ᠠᠶᠤᠯᠭᠦᠶ ᠶᠢᠨ ᠬᠠᠮᠢᠶᠠᠷᠤᠯᠲᠠ ᠶᠢᠨ ᠲᠥᠷᠢᠮ ᠪᠠ ᠠᠵᠢᠯᠯᠠᠬᠤ ᠲᠥᠷᠢᠮ ᠢ ᠴᠢᠩᠭ᠎ᠠ ᠬᠡᠷᠡᠭᠵᠢᠭᠦᠯᠵᠦ᠂ ᠪᠠᠷᠢᠯᠭ᠎ᠠ ᠶᠢᠨ ᠠᠵᠢᠯ ᠤᠨ ᠶᠠᠪᠤᠴᠠ ᠳᠠᠬᠢ ᠠᠶᠤᠯᠭᠦᠶ ᠦᠢᠯᠡᠳᠪᠦᠷᠢᠯᠡᠯ ᠢ ᠰᠠᠶᠢᠲᠤᠷ ᠬᠢᠬᠦ ᠬᠡᠷᠡᠭᠲᠡᠶ᠃    ᠣᠶᠢᠯᠠᠭᠠᠭᠰᠠᠨ ᠢᠶᠠᠷ᠂ ᠤᠯᠠᠭᠠᠨᠬᠠᠳᠠ ᠶᠢᠨ ᠷᠦᠢ ᠶᠤᠸᠠᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠲᠥᠷᠥᠯ ᠵᠦᠢᠯ 110 ᠮᠥ ᠭᠠᠵᠠᠷ ᠡᠵᠡᠯᠡᠵᠦ᠂ ᠲᠥᠯᠥᠪᠯᠡᠭᠡ ᠪᠠᠷ ᠨᠡᠶᠢᠲᠡ 2.05 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ ᠪᠣᠶ᠃ ᠬᠤᠶᠠᠷ ᠬᠤᠭᠤᠴᠠᠭ᠎ᠠ ᠬᠤᠪᠢᠶᠠᠨ ᠪᠦᠳᠦᠭᠡᠨ ᠪᠠᠶᠢᠭᠤᠯᠵᠤ᠂ ᠨᠢᠭᠡᠳᠦᠭᠡᠷ ᠬᠤᠭᠤᠴᠠᠭᠠᠨ ᠳᠤ 1.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ᠂ ᠬᠤᠶᠠᠳᠤᠭᠠᠷ ᠬᠤᠭᠤᠴᠠᠭᠠᠨ ᠳᠤ 0.35 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠠᠶᠢᠨ᠎ᠠ᠃    ᠣᠶᠢᠯᠠᠭᠠᠭᠰᠠᠨ ᠢᠶᠠᠷ᠂ ᠰᠠᠨ ᠳ᠋ᠤᠤ ᠢᠩᠽᠢ ᠶᠢᠨ ᠨᠡᠭᠦᠷᠡᠰᠦ ᠮᠠᠯᠲᠠᠭᠰᠠᠨ ᠠᠴᠠ ᠳᠣᠷᠣᠭᠰᠢ ᠰᠠᠭᠤᠭᠰᠠᠨ ᠣᠷᠣᠨ ᠢ 2020 ᠣᠨ ᠤ 6 ᠰᠠᠷ᠎ᠠ ᠳᠤ ᠵᠠᠰᠠᠵᠤ ᠳᠠᠭᠤᠰᠬᠠᠭᠰᠠᠨ ᠪᠥᠭᠡᠳ ᠰᠢᠯᠭᠠᠨ ᠠᠪᠬᠤ ᠳᠤ ᠬᠢᠷᠢ ᠲᠡᠩᠴᠡᠵᠦ ᠂ 2022 ᠣᠨ ᠤ 5 ᠰᠠᠷ᠎ᠠ ᠳᠤ ᠬᠥᠳᠡᠭᠡ ᠲᠣᠰᠬᠤᠨ ᠤ ᠬᠤᠶᠠᠷ ᠱᠠᠲᠤᠨ ᠤ ᠬᠢᠨ ᠲᠣᠰ ᠭᠠᠵᠠᠷ ᠣᠷᠣᠨ ᠤ ᠲᠠᠷᠢᠶᠠᠯᠠᠭ᠎ᠠ ᠶᠢ ᠰᠡᠷᠭᠦᠭᠡᠬᠦ ᠶᠢ ᠠᠬᠢᠭᠤᠯᠪᠠ᠃ 1380 ᠮᠥ ᠳᠠᠷᠢᠬᠤ ᠶᠢ ᠰᠡᠷᠭᠦᠭᠡᠵᠦ᠂ ᠭᠤᠤᠯᠳᠠᠭᠤ ᠨᠠᠷᠢᠮᠤ᠂ ᠰᠠᠭᠠᠭ᠂ ᠨᠡᠷᠡᠨ ᠬᠤᠸᠠᠷ ᠵᠡᠷᠭᠡ ᠲᠠᠷᠢᠮᠠᠯ ᠢ ᠳᠠᠷᠢᠵᠤ᠂ ᠵᠢᠱᠢᠯᠲᠡ ᠪᠠᠷ 7 ᠰᠠᠷ᠎ᠠ ᠶᠢᠨ ᠳᠤᠮᠳᠠᠴᠢ ᠪᠠᠷ ᠳᠠᠷᠢᠵᠤ ᠳᠠᠭᠤᠰᠬᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号