ᠬᠠᠷᠠᠴᠢᠨ ᠬᠤᠰᠢᠭᠤᠨ ᠤ ᠬᠤᠲᠠ ᠪᠠᠶᠢᠭᠤᠯᠬᠤ ᠵᠢᠯᠣᠭᠤᠳᠬᠤ ᠭᠠᠵᠠᠷ ᠤᠨ ᠬᠤᠷᠠᠯ ᠵᠢᠴᠢ ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/24
ᠬᠠᠷᠠᠴᠢᠨ ᠬᠤᠰᠢᠭᠤᠨ ᠤ ᠬᠤᠲᠠ ᠪᠠᠶᠢᠭᠤᠯᠬᠤ ᠵᠢᠯᠣᠭᠤᠳᠬᠤ ᠭᠠᠵᠠᠷ ᠤᠨ ᠬᠤᠷᠠᠯ ᠵᠢᠴᠢ ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠠᠬᠢᠭᠤᠯᠬᠤ ᠬᠤᠷᠠᠯ ᠬᠤᠷᠠᠯᠳᠤᠪᠠ    6 ᠰᠠᠷ᠎ᠠ ᠶᠢᠨ 21 ᠤ ᠡᠳᠦᠷ᠂ ᠬᠠᠷᠠᠴᠢᠨ ᠬᠤᠰᠢᠭᠤᠨ ᠤ ᠬᠤᠲᠠ ᠪᠠᠶᠢᠭᠤᠯᠬᠤ ᠵᠢᠯᠣᠭᠤᠳᠬᠤ ᠭᠠᠵᠠᠷ ᠤᠨ ᠬᠤᠷᠠᠯ ᠵᠢᠴᠢ ᠪᠣᠯᠪᠠᠰᠤᠨ ᠬᠤᠲᠠ ᠶᠢ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠬᠤᠰᠢᠭᠤᠨ ᠤ ᠨᠠᠮ ᠵᠠᠰᠠᠭ ᠤᠨ ᠶᠡᠷᠦᠩᠬᠡᠶᠢᠯᠡᠭᠰᠡᠨ ᠠᠰᠠᠷ ᠤᠨ ᠳᠥᠷᠪᠡᠳᠦᠭᠡᠷ ᠳᠠᠪᠬᠤᠷᠯᠢᠭ ᠤᠨ ᠬᠤᠷᠠᠯ ᠤᠨ ᠬᠡᠷ ᠲᠤ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠶ᠃    ᠵᠣᠣ ᠶᠠᠨ ᠬᠤᠩ ᠴᠢᠬᠤᠯᠠᠴᠢᠯᠠᠭᠰᠠᠨ ᠨᠢ᠂ ᠡᠨᠡ ᠵᠢᠯ ᠪᠣᠯ ᠲᠣᠰ ᠡᠭᠡᠯᠵᠢ ᠶᠢᠨ ᠡᠭᠦᠳᠦᠨ ᠪᠠᠶᠢᠭᠤᠯᠬᠤ ᠦᠶᠡᠯᠡᠯ ᠤᠨ ᠬᠤᠭᠤᠴᠠᠭᠠᠨ ᠤ ᠵᠠᠩᠭᠢᠯᠠᠭ᠎ᠠ ᠶᠢᠨ ᠨᠢᠭᠡ ᠵᠢᠯ ᠮᠥᠨ᠂ ᠡᠭᠦᠳᠦᠨ ᠪᠠᠶᠢᠭᠤᠯᠬᠤ ᠠᠵᠢᠯ ᠤᠨ ᠡᠭᠦᠷᠭᠡ ᠲᠦᠢᠯ ᠤᠨ ᠬᠠᠲᠠᠭᠤ ᠪᠡᠷᠬᠡ ᠪᠣᠯᠬᠤᠷ ᠥᠴᠦᠬᠡᠨ ᠴᠦ ᠰᠤᠯᠠᠷᠠᠭᠤᠯᠵᠤ ᠪᠣᠯᠬᠤ ᠥᠬᠡᠶ᠃ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ ᠂ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠩ ᠪᠠᠲᠤ ᠪᠠᠬᠢ ᠠᠵᠢᠯ ᠤᠨ ᠰᠠᠭᠤᠷᠢ᠂ ᠨᠡᠩ ᠪᠦᠷᠢᠨ ᠲᠡᠭᠦᠯᠳᠡᠷ ᠠᠵᠢᠯ ᠤᠨ ᠲᠣᠭᠲᠠᠴᠠ᠂ ᠨᠡᠩ ᠯᠠᠪᠳᠠᠭᠤᠨ ᠪᠠᠲᠤᠲᠠᠢ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ᠃    ᠵᠣᠣ ᠶᠠᠨ ᠬᠤᠩ ᠴᠢᠬᠤᠯᠠᠴᠢᠯᠠᠭᠰᠠᠨ ᠨᠢ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠳᠠᠬᠢᠨ ᠪᠠᠶᠢᠴᠠᠭᠠᠬᠤ ᠶᠢᠨ ᠪᠤᠳᠤᠯᠢᠶᠠᠨᠲᠤ ᠴᠢᠨᠠᠷ᠂ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠵᠣᠷᠢᠭᠲᠠᠶ ᠪᠠᠷ ᠪᠡᠷᠬᠡ ᠶᠢ ᠰᠢᠪᠲᠤᠯᠤᠨ ᠪᠡᠷᠬᠡ ᠶᠢ ᠳᠠᠪᠠᠵᠤ᠂ ︽ᠡᠭᠦᠳᠬᠦ ᠥᠬᠡᠶ ᠪᠣᠯ ᠬᠢᠬᠦ︾ ᠢᠲᠡᠭᠡᠯ ᠵᠣᠷᠢᠭ ᠢᠶᠠᠨ ᠪᠠᠲᠤᠳᠬᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠲᠡᠷᠢᠭᠦᠨ ᠪᠤᠯᠠᠬᠤ ᠪᠠᠷ ᠴᠢᠷᠮᠠᠶᠢᠬᠤ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠳᠠᠬᠢᠨ ᠪᠠᠶᠢᠴᠠᠭᠠᠬᠤ ᠡᠨᠡ ᠬᠦ ᠬᠠᠲᠠᠭᠤ ᠳᠠᠶᠢᠯᠠᠯᠳᠤᠭᠠᠨ ᠤ ᠢᠯᠠᠯᠲᠠ ᠶᠢ ᠪᠥᠬᠦ ᠬᠦᠴᠦᠨ ᠢᠶᠠᠷ ᠢᠶᠠᠨ ᠲᠡᠮᠡᠴᠡᠨ ᠤᠯᠬᠤ ᠬᠡᠷᠡᠭᠲᠡᠶ᠃    ᠠᠵᠢᠯ ᠤᠨ ᠲᠣᠭᠲᠠᠴᠠ ᠪᠠᠨ ᠲᠠᠰᠤᠷᠠᠯᠲᠠ ᠦᠭᠡᠶ ᠲᠡᠭᠦᠯᠳᠡᠷᠵᠢᠭᠦᠯᠵᠦ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠮᠡᠳᠡᠭᠡ ᠵᠠᠩᠭᠢ ᠶᠢᠨ ᠮᠡᠳᠡᠭᠡᠯᠡᠯ ᠢ ᠲᠡᠭᠦᠯᠳᠡᠷᠵᠢᠭᠦᠯᠵᠦ᠂ ᠤᠬᠠᠭᠤᠯᠵᠤ ᠬᠥᠲᠥᠯᠥᠨ ᠵᠢᠯᠣᠭᠤᠳᠬᠤ ᠪᠠᠨ ᠴᠢᠩᠭᠠᠳᠬᠠᠵᠤ᠂ ᠴᠢᠩᠭ᠎ᠠ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠰᠢᠯᠭᠠᠷᠠᠭᠰᠠᠨ ᠠᠵᠢᠯ ᠤᠨ ᠰᠤᠷᠲᠠᠯ ᠢᠶᠠᠷ ᠡᠯ᠎ᠡ ᠵᠦᠢᠯ ᠤᠨ ᠡᠭᠦᠳᠦᠨ ᠪᠠᠶᠢᠭᠤᠯᠬᠤ ᠡᠭᠦᠷᠭᠡ ᠪᠠᠨ ᠰᠠᠶᠢᠲᠤᠷ ᠪᠡᠶᠡᠯᠡᠭᠦᠯᠵᠦ᠂ ᠨᠢᠭᠡᠳᠦᠯᠲᠡᠶ ᠲᠥᠯᠥᠪᠯᠡᠵᠦ ᠨᠡᠶᠢᠲᠡ ᠳᠤᠨᠢ ᠬᠠᠷᠠᠭᠠᠯᠵᠠᠬᠤ ᠶᠢ ᠴᠢᠬᠤᠯᠠᠴᠢᠯᠠᠵᠤ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠳᠠᠬᠢᠨ ᠪᠠᠶᠢᠴᠠᠭᠠᠬᠤ ᠶᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠶᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠴᠢᠨᠠᠷ ᠰᠠᠶᠢᠲᠠᠢ ᠠᠮᠢᠳᠤᠷᠠᠯ ᠢ ᠡᠭᠦᠳᠬᠦ᠂ ᠬᠤᠳᠠ ᠶᠢᠨ ᠵᠠᠰᠠᠯᠲᠠ ᠶᠢᠨ ᠰᠢᠰᠲᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠦᠲᠦᠮᠵᠢᠲᠡᠢ ᠭᠠᠷᠳᠠᠴᠠ ᠪᠣᠯᠭᠠᠵᠤ᠂ ᠬᠤᠳᠠ ᠶᠢ ᠪᠠᠶᠢᠭᠤᠯᠬᠤ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ᠃    ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠶᠤᠨ ᠤ ᠪᠣᠯᠪᠠᠰᠤᠨ ᠤ ᠠᠵᠢᠯ ᠤᠨ ᠠᠯᠪᠠᠨ ᠬᠡᠷ ᠤᠨ ᠬᠠᠷᠢᠭᠤᠴᠠᠯᠭᠠᠲᠠᠨ ᠮᠠᠨ ᠤ ᠬᠤᠰᠢᠭᠤᠨ ᠤ ᠬᠤᠲᠠ ᠶᠢ ᠡᠭᠦᠳᠦᠨ ᠪᠠᠶᠢᠭᠤᠯᠬᠤ ᠶᠢ ᠬᠡᠷᠡᠭᠵᠢᠭᠦᠯᠬᠦ ᠲᠥᠰᠦᠯ ᠪᠠ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢᠨ ᠪᠠᠶᠢᠳᠠᠯ ᠢ ᠤᠩᠰᠢᠨ ᠨᠡᠶᠢᠲᠡᠯᠡᠪᠡ᠃ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ᠂ ᠳᠡᠳ᠋ ᠬᠤᠰᠢᠭᠤᠨ ᠳᠠᠷᠤᠭ᠎ᠠ ᠮᠠ ᠶᠦᠩ ᠭᠠᠩ ᠲᠣᠰ ᠲᠣᠰ ᠪᠤᠯᠪᠠᠰᠤᠨ ᠬᠤᠲᠠ ᠪᠠᠶᠢᠭᠤᠯᠬᠤ ᠬᠠᠮᠢᠶ᠎ᠠ ᠪᠥᠬᠦᠶ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号