ᠠᠷᠠᠳ ᠢᠷᠭᠡᠳ ᠢ ᠪᠠᠶᠠᠵᠢᠭᠤᠯᠤᠨ᠎ᠠ ᠬᠠᠷᠠᠴᠢᠨ ᠬᠤᠰᠢᠭᠤ ᠣᠶ ᠰᠢᠭᠤᠶ ᠶᠢᠨ ᠠᠵᠤ ᠠᠬᠤᠶ ᠶᠢ ᠶᠡᠭᠡ ᠪᠠᠷ | ᠬᠥᠭᠵᠢᠭᠦᠯᠵᠦ ᠲᠠᠷᠢᠶᠠᠯᠠᠩ ᠢ ᠳᠡᠮᠵᠢᠨ ᠣᠷᠣᠯᠭ᠎ᠠ ᠶᠢ ᠨᠢ ᠨᠡᠮᠡᠭᠳᠡᠭᠦᠯᠦᠨ᠎ᠡ | ᠵᠤᠨ ᠤ ᠳᠡᠯᠭᠡᠷ ᠤᠯᠠᠷᠢᠯ ᠳᠤ ᠂ ᠬᠠᠷᠠᠴᠢᠨ | ᠬᠤᠰᠢᠭᠤᠨ ᠤ ᠥᠷᠭᠡᠨ ᠠᠭᠤᠳᠠᠮ ᠬᠣᠲᠠ | ᠬᠥᠳᠡᠭᠡ ᠪᠡᠷ ᠠᠶᠠᠯᠠᠨ ᠶᠠᠪᠤᠵᠤ ᠂ ᠬᠠᠷᠠᠭ᠎ᠠ | ᠳᠦᠭᠦᠷᠡᠩ ᠨᠣᠮᠢᠨ ᠨᠣᠭᠣᠭᠠᠨ ᠂ | ᠠᠮᠢᠵᠢᠷᠠᠯ ᠤᠨ ᠬᠦᠴᠦᠨ ᠢᠶᠡᠷ ᠪᠢᠯᠬᠠᠨ᠎ᠠ᠃ | ᠲᠠᠷᠢᠶᠠᠨ ᠭᠠᠵᠠᠷ ᠂ ᠣᠢ ᠰᠢᠭᠤᠶ ᠂ ᠵᠠᠮ ᠳᠠᠭᠠᠤ | ᠠᠭᠤᠯᠠᠨ ᠬᠥᠨᠳᠡᠶ ᠴᠦᠮ ᠨᠣᠭᠣᠭᠠᠨ ᠦᠩᠭᠡ ᠪᠠᠷ | ᠪᠦᠷᠬᠦᠵᠦ ᠂ ᠴᠤᠭ ᠪᠠᠳᠠᠷᠠᠩᠭᠤᠶ | ᠠᠮᠢᠵᠢᠷᠠᠯ ᠤᠨ ᠬᠦᠴᠦᠨ ᠢ ᠪᠠᠳᠠᠷᠠᠭᠤᠯᠵᠤ | ᠪᠠᠢᠨ᠎ᠠ᠃ | ᠣᠯᠠᠨ ᠵᠢᠯ ᠦᠨ ᠲᠤᠷᠰᠢ ᠂ ᠬᠠᠷᠠᠴᠢᠨ | ᠬᠣᠰᠢᠭᠤ ᠠᠮᠢ ᠠᠬᠤᠶ ᠶᠢ ᠤᠷᠢᠳ ᠢᠶᠠᠷ | ᠪᠣᠳᠣᠯᠬᠢᠯᠠᠬᠤ ᠪᠣᠬᠢᠷᠲᠤᠯ ᠥᠬᠡᠶ | ᠬᠥᠭᠵᠢᠯᠲᠡ ᠶᠢᠨ ᠣᠶᠢᠯᠠᠭᠠᠭᠳᠠᠬᠤᠨ ᠢ | ᠢᠮᠠᠭᠲᠠ ᠪᠠᠷᠢᠮᠲᠠᠯᠠᠵᠤ ᠂ ᠠᠮᠢ ᠠᠬᠤᠶ ᠶᠢᠨ | ᠪᠥᠲᠥᠭᠡᠨ ᠪᠠᠶᠢᠭᠤᠯᠤᠯᠲᠠ ᠶᠢᠨ | ᠭᠦᠨᠵᠡᠭᠡᠶᠢᠷᠡᠨ ᠬᠥᠭᠵᠢᠬᠦ ᠶᠢ ᠶᠡᠬᠡ ᠪᠡᠷ | ᠠᠬᠢᠭᠤᠯᠪᠠ᠃ ᠣᠳᠣᠬᠠᠨ ᠪᠣᠯᠲᠠᠯ᠎ᠠ ᠂ ᠪᠥᠬᠥ | ᠬᠣᠰᠢᠭᠤᠨ ᠤ ᠣᠶ ᠰᠢᠭᠤᠶ ᠳᠤ ᠬᠡᠷᠡᠭᠯᠡᠬᠦ | ᠭᠠᠵᠠᠷ ᠤᠨ ᠲᠠᠯᠠᠪᠠᠶ 308 ᠲᠦᠮᠡᠨ ᠮᠥ ᠂ ᠣᠶ | ᠰᠢᠭᠤᠶ ᠲᠠᠶ ᠭᠠᠵᠠᠷ ᠤᠨ ᠲᠠᠯᠠᠪᠠᠶ 264 . 2 | ᠲᠦᠮᠡᠨ ᠮᠥ ᠂ ᠠᠮᠢᠳᠤ ᠮᠣᠳᠣᠨ ᠣᠶ ᠶᠢᠨ | ᠬᠠᠳᠠᠭᠠᠯᠠᠭᠳᠠᠴᠠ 713 ᠲᠦᠮᠡᠨ ᠪᠣᠰᠣᠭ᠎ᠠ | ᠳᠥᠷᠪᠡᠯᠵᠢᠨ ᠮᠧᠲ᠋ᠷ ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ 57 . 8 % ᠳ᠋ᠤ | ᠬᠦᠷᠴᠡᠶ᠃ ᠪᠥᠬᠥ ᠬᠣᠰᠢᠭᠤᠨ ᠤ 4 ᠣᠶ | ᠰᠢᠭᠤᠶ ᠶᠢᠨ ᠪᠦᠲᠦᠭᠡᠭᠳᠡᠬᠦᠨ ᠨᠢ ᠨᠠᠷᠠᠲᠤ | ᠪᠦᠲᠦᠭᠡᠭᠳᠡᠬᠦᠨ ( ᠲᠠᠷᠢᠶᠠᠯᠠᠩ ᠤᠨ ᠲᠥᠷᠥᠯ ) | ᠤ ᠴᠣᠯᠠ ᠭᠥᠷᠳᠡᠵᠦ ᠂ 1 ᠪᠦᠲᠦᠭᠡᠭᠳᠡᠬᠦᠨ ᠨᠢ | ᠭᠠᠵᠠᠷ ᠵᠦᠶ ᠶᠢᠨ ᠲᠡᠮᠳᠡᠭᠲᠦ | ᠪᠦᠲᠦᠭᠡᠭᠳᠡᠬᠦᠨ ᠦ ᠴᠣᠯᠠ ᠭᠥᠷᠳᠡᠵᠦ ᠂ 《 | ᠬᠠᠷᠠᠴᠢᠨ ᠬᠣᠨᠢᠨ ᠭᠡᠳᠡᠰᠦᠨ ᠦ ᠮᠥᠭᠥ 》 ᠂ 《 | ᠬᠠᠷᠠᠴᠢᠨ ᠤ ᠤᠯᠠᠭᠠᠨ ᠨᠠᠷᠠᠰᠤᠨ ᠴᠢᠰᠤᠨ | ᠡᠪᠡᠷ 》 ᠂ 《 ᠮᠡᠢᠷᠡᠨ ᠠᠭᠤᠯᠠᠨ ᠡᠷᠳᠡᠨᠢ 》 | ᠵᠡᠷᠭᠡ ᠣᠯᠠᠨ ᠨᠠᠷᠠᠲᠤ ᠪᠦᠲᠦᠭᠡᠭᠳᠡᠬᠦᠨ | ᠴᠣᠯᠭᠣᠷᠠᠨ ᠭᠠᠷᠴᠠᠶ᠃ | ᠣᠶ ᠰᠢᠭᠤᠶ ᠶᠢᠨ ᠠᠵᠤ ᠠᠬᠤᠶ ᠶᠢᠨ | ᠬᠥᠭᠵᠢᠯᠲᠡ ᠶᠢ ᠰᠠᠢᠳᠤᠷ ᠠᠬᠢᠭᠤᠯᠬᠤ ᠶᠢᠨ | ᠲᠥᠯᠥᠭᠡ ᠂ ᠬᠠᠷᠠᠴᠢᠨ ᠬᠣᠰᠢᠭᠤᠨ ᠤ ᠬᠢᠨ | ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠂ ᠲᠣᠰᠬᠣᠨ ᠤ | ᠪᠠᠶᠢᠳᠠᠯ ᠳᠠᠭᠠᠨ ᠲᠣᠬᠢᠷᠠᠭᠤᠯᠤᠨ ᠠᠷᠭ᠎ᠠ | ᠪᠣᠳᠣᠯᠭ᠎ᠠ ᠬᠡᠷᠡᠭᠵᠢᠭᠦᠯᠵᠦ ᠂ ᠣᠶᠢᠲᠤ | ᠭᠠᠵᠠᠷ ᠤᠨ ᠡᠬᠢ ᠪᠠᠶᠠᠯᠢᠭ ᠡᠯᠪᠡᠭ ᠳᠡᠯᠪᠡᠭ | ᠪᠠᠶᠢᠬᠤ ᠳᠠᠪᠠᠭᠤᠯᠢᠭ ᠲᠠᠭᠠᠨ ᠲᠦᠰᠢᠭᠯᠡᠨ ᠂ | ᠣᠶ ᠰᠢᠭᠤᠶ ᠶᠢᠨ ᠦᠶᠯᠡᠰ ᠦᠨ | ᠬᠥᠭᠵᠢᠯᠲᠡ ᠶᠢᠨ ᠲᠥᠯᠥᠪᠵᠢᠭᠦᠯᠭᠡ ᠶᠢ | ᠰᠢᠨᠵᠢᠯᠡᠬᠦ ᠤᠬᠠᠭᠠᠨᠴᠢ ᠪᠠᠷ ᠲᠣᠭᠲᠠᠭᠠᠵᠤ | ᠂ ᠣᠶ ᠰᠢᠭᠤᠶ ᠶᠢᠨ ᠦᠶᠯᠡᠰ ᠦᠨ ᠠᠵᠤ | ᠦᠶᠯᠡᠰ ᠦᠨ ᠬᠡᠯᠬᠢᠶ᠎ᠡ ᠶᠢ | ᠪᠤᠵᠠᠭᠠᠶᠢᠷᠠᠭᠤᠯᠬᠤ ᠶᠢᠨ ᠲᠣᠭᠣᠷᠢᠨ ᠳᠤ ᠂ | ᠣᠶ ᠶᠢᠨ ᠬᠣᠷᠮᠣᠶ ᠶᠢᠨ ᠭᠠᠷᠤᠯᠲᠠ ᠂ ᠣᠶ ᠶᠢᠨ | ᠬᠣᠷᠮᠣᠶ ᠶᠢᠨ ᠲᠠᠷᠢᠮᠠᠯ ᠂ ᠣᠶ ᠶᠢᠨ | ᠬᠣᠷᠮᠣᠶ ᠶᠢᠨ ᠲᠡᠵᠢᠭᠡᠨ ᠦᠷᠡᠵᠢᠭᠦᠯᠬᠦ ᠂ | ᠵᠢᠮᠢᠰ ᠦᠨ ᠦᠶᠯᠡᠰ ᠂ ᠣᠶ ᠶᠢᠨ ᠭᠠᠷᠤᠯᠲᠠ ᠶᠢ | ᠡᠳ᠋ᠰᠢᠭᠦᠯᠬᠦ ᠪᠠ ᠣᠶ ᠰᠢᠭᠤᠶ ᠶᠢᠨ | ᠡᠷᠡᠭᠦᠯᠵᠢᠯ ᠰᠤᠪᠢᠯᠠᠯᠲᠠ ᠶᠢᠨ | ᠵᠢᠭᠤᠯᠴᠢᠯᠠᠯ ᠵᠡᠷᠭᠡ ᠵᠢᠷᠭᠤᠭᠠᠨ ᠶᠡᠬᠡ | ᠬᠡᠰᠡᠭ ᠢ ᠬᠦᠴᠦ ᠪᠡᠨ ᠲᠥᠪᠯᠡᠷᠡᠭᠦᠯᠦᠨ | ᠬᠥᠭᠵᠢᠭᠦᠯᠵᠦ ᠂ ᠣᠶ ᠰᠢᠭᠤᠶ ᠶᠢᠨ ᠦᠶᠯᠡᠰ ᠦᠨ | ᠡᠬᠢ ᠪᠠᠶᠠᠯᠢᠭ ᠢ ᠠᠵᠤ ᠠᠬᠤᠶ ᠶᠢᠨ ᠦᠷ᠎ᠡ | ᠠᠰᠢᠭ ᠪᠣᠯᠭᠠᠨ ᠬᠤᠪᠢᠷᠠᠭᠤᠯᠬᠤ ᠪᠠᠷ | ᠴᠢᠷᠮᠠᠶᠢᠵᠤ ᠂ ᠠᠭᠤᠯᠠᠨ ᠣᠶ ᠰᠢᠭᠤᠢ ᠶᠢᠨ | ᠭᠠᠵᠠᠷ ᠰᠢᠷᠣᠶ ᠶᠢᠨ ᠠᠰᠢᠭᠯᠠᠯᠲᠠ ᠶᠢᠨ | ᠨᠣᠷᠮ᠎ᠠ ᠶᠢ ᠪᠦᠲᠦᠮᠵᠢᠲᠡᠶ | ᠳᠡᠭᠡᠭᠰᠢᠯᠡᠭᠦᠯᠬᠦ ᠶᠢᠨ ᠬᠠᠮᠲᠤ ᠂ ᠣᠶ | ᠰᠢᠭᠤᠶ ᠶᠢᠨ ᠦᠶᠯᠡᠰ ᠦᠨ ᠠᠵᠤ ᠠᠬᠤᠶ ᠶᠢᠨ | ᠴᠢᠨᠠᠷ ᠰᠠᠶᠢᠲᠠᠶ ᠬᠥᠭᠵᠢᠯᠲᠡ ᠶᠢ | ᠠᠬᠢᠭᠤᠯᠤᠨ᠎ᠠ᠃ | ᠮᠡᠶᠢᠷᠡᠨ ᠪᠠᠯᠭᠠᠰᠤ ᠨᠢ ᠪᠥᠬᠥ | ᠬᠣᠰᠢᠭᠤᠨ ᠤ ᠣᠶ ᠰᠢᠭᠤᠶ ᠶᠢᠨ ᠡᠬᠢ | ᠪᠠᠶᠠᠯᠢᠭ ᠢᠶᠠᠷ ᠬᠠᠮᠤᠭ ᠤᠨ ᠪᠠᠶᠠᠯᠢᠭ | ᠰᠢᠶᠠᠩ ᠪᠠᠯᠭᠠᠰᠤ ᠪᠣᠯᠤᠭᠰᠠᠨ ᠤ ᠬᠤᠪᠢ ᠳᠤ ᠂ | ᠣᠲᠣ 70 ᠭᠠᠷᠤᠶ ᠲᠦᠮᠡᠨ ᠮᠥ ᠣᠶᠢᠲᠤ | ᠭᠠᠵᠠᠷ ᠲᠠᠶ ᠪᠠᠶᠢᠵᠤ ᠂ ᠣᠶ ᠰᠢᠭᠤᠶ ᠶᠢᠨ | ᠪᠦᠷᠬᠦᠴᠡ ᠶᠢᠨ ᠨᠣᠷᠮ᠎ᠠ ᠨᠢ 86 % ᠳ᠋ᠤ | ᠬᠦᠷᠴᠡᠶ᠃ ᠬᠡᠭᠡᠷ᠎ᠡ ᠶᠢᠨ ᠢᠳᠡᠰᠢᠨ ᠮᠥᠭᠥ 30 | ᠭᠠᠷᠤᠶ ᠵᠦᠶᠯ ᠂ ᠵᠢᠯ ᠦᠨ ᠭᠠᠷᠤᠯᠲᠠ 1 ᠲᠦᠮᠡᠨ | ᠲᠣᠨ ᠂ ᠬᠡᠭᠡᠷ᠎ᠡ ᠶᠢᠨ ᠨᠣᠭᠣᠭ᠎ᠠ | ᠬᠡᠭᠡᠷ᠎ᠡ ᠶᠢᠨ ᠵᠢᠮᠢᠰ ᠦᠨ ᠭᠠᠷᠤᠯᠲᠠ 610 | ᠭᠠᠷᠤᠶ ᠲᠣᠨ ᠬᠦᠷᠴᠦ ᠂ ᠵᠢᠯ ᠳᠦ ᠬᠥᠮᠦᠨ ᠦ | ᠬᠦᠴᠦ ᠪᠡᠷ 400 ᠭᠠᠷᠤᠶ ᠲᠦᠮᠡᠨ ᠵᠢᠩ ᠢᠳᠡᠰᠢᠨ | ᠮᠥᠭᠥ ᠳᠠᠷᠢᠬᠤ ᠶᠢᠨ ᠬᠠᠮᠲᠤ ᠪᠣᠷᠴᠠ ᠡᠪᠡᠰᠦ | ᠂ ᠲᠦᠭᠦᠬᠡᠶ ᠣᠯᠣᠰᠣ ᠂ ᠰᠢᠷ᠎ᠠ ᠣᠷᠬᠣᠳᠠᠶ | ᠵᠡᠷᠭᠡ ᠡᠯ᠎ᠡ ᠵᠦᠶᠯ ᠦᠨ ᠬᠡᠭᠡᠷ᠎ᠡ ᠶᠢᠨ | ᠬᠢᠲᠠᠳ ᠡᠮ ᠦᠨ ᠮᠠᠲ᠋ᠧᠷᠢᠶᠠᠯ ᠡᠯᠪᠡᠭ | ᠭᠠᠷᠳᠠᠭ᠃ ᠥᠪᠡᠷᠮᠢᠴᠡ ᠠᠮᠢ ᠠᠬᠤᠶ ᠶᠢᠨ | ᠨᠥᠬᠥᠴᠡᠯ ᠨᠢ ᠣᠶ ᠰᠢᠭᠤᠶ ᠶᠢᠨ ᠠᠵᠤ | ᠠᠬᠤᠶ ᠶᠢᠨ ᠬᠥᠭᠵᠢᠯᠲᠡ ᠳᠦ ᠪᠠᠲᠤ ᠪᠡᠬᠢ | ᠰᠠᠭᠤᠷᠢ ᠲᠠᠯᠪᠢᠵᠤ ᠥᠭᠴᠡᠶ᠃ | 2021 ᠣᠨ ᠳᠤ ᠂ ᠣᠶ ᠶᠢᠨ ᠬᠣᠷᠮᠣᠶ ᠳᠤ | ᠤᠯᠠᠭᠠᠨ ᠨᠠᠷᠠᠰᠤᠨ ᠴᠢᠰᠤᠨ ᠡᠪᠡᠷ ᠳᠠᠷᠢᠭᠠᠳ | ᠠᠮᠵᠢᠯᠲᠠ ᠣᠯᠤᠭᠰᠠᠨ ᠤ ᠳᠠᠷᠠᠭ᠎ᠠ ᠂ | ᠮᠡᠶᠢᠷᠡᠨ ᠪᠠᠯᠭᠠᠰᠤ ᠡᠯ᠎ᠡ ᠲᠣᠰᠬᠣᠨ ᠤ | ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ | ᠢᠳᠡᠪᠬᠢᠲᠡᠶ ᠵᠣᠬᠢᠶᠠᠨ ᠪᠠᠶᠢᠭᠤᠯᠵᠤ | ᠲᠣᠭᠣᠷᠢᠨ ᠦᠵᠡᠵᠦ ᠰᠤᠷᠤᠯᠴᠠᠬᠤ ᠂ | ᠮᠡᠷᠭᠡᠵᠢᠯ ᠦᠨ ᠪᠣᠯᠪᠠᠰᠤᠷᠠᠭᠤᠯᠤᠯ ᠬᠢᠬᠦ ᠂ | ᠲᠤᠬᠠᠶ ᠶᠢᠨ ᠲᠠᠯᠠᠪᠤᠷ ᠲᠤ ᠵᠢᠭᠠᠨ | ᠰᠤᠷᠭᠠᠬᠤ ᠵᠡᠷᠭᠡ ᠡᠯ᠎ᠡ ᠲᠥᠷᠥᠯ ᠦᠨ | ᠠᠵᠢᠯᠯᠠᠭ᠎ᠠ ᠶᠢ ᠥᠷᠨᠢᠭᠦᠯᠬᠦ ᠶᠢᠨ ᠬᠠᠮᠲᠤ | ᠣᠯᠠᠨ ᠲᠠᠯ᠎ᠠ ᠪᠠᠷ ᠰᠤᠷᠤᠯᠴᠠᠬᠤ ᠂ ᠣᠯᠠᠨ | ᠠᠷᠭ᠎ᠠ ᠵᠠᠮ ᠢᠶᠠᠷ ᠰᠢᠨᠵᠢᠯᠡᠨ | ᠪᠠᠶᠢᠴᠠᠭᠠᠬᠤ ᠪᠠᠷ ᠳᠠᠮᠵᠢᠭᠤᠯᠤᠨ ᠂ | ᠮᠥᠭᠥ ᠶᠢᠨ ᠲᠥᠷᠥᠯ ᠡᠴᠡ ᠣᠶ ᠶᠢᠨ | ᠬᠣᠷᠮᠣᠶ ᠳᠤ ᠳᠠᠷᠢᠵᠤ ᠤᠷᠭᠤᠭᠤᠯᠬᠤ ᠂ ᠳᠠᠬᠢᠨ | ᠡᠳ᠋ᠰᠢᠭᠦᠯᠦᠨ ᠪᠣᠷᠣᠯᠠᠭᠤᠯᠬᠤ ᠪᠦᠷᠢᠨ | ᠪᠦᠲᠦᠨ ᠠᠵᠤ ᠦᠶᠯᠡᠰ ᠦᠨ ᠬᠡᠯᠬᠢᠶ᠎ᠡ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ | | | 《 ᠪᠢ ᠡᠨᠡ ᠵᠢᠯ 20 ᠭᠠᠷᠤᠶ ᠮᠥ ᠤᠯᠠᠭᠠᠨ | ᠨᠠᠷᠠᠰᠤᠨ ᠴᠢᠰᠤᠨ ᠡᠪᠡᠷ ᠳᠠᠷᠢᠵᠤ ᠂ ᠣᠶ | ᠰᠢᠭᠤᠶ ᠶᠢᠨ ᠲᠠᠯᠠᠪᠠᠶ ᠲᠠᠶ ᠬᠣᠷᠢᠶᠠᠨ | ᠠᠪᠬᠤ ᠬᠡᠯᠡᠯᠴᠡᠭᠡᠷ ᠲᠣᠭᠲᠠᠵᠤ ᠂ ᠲᠠᠳᠠ | ᠮᠢᠨᠦ ᠳᠠᠷᠢᠭᠰᠠᠨ ᠤᠯᠠᠭᠠᠨ ᠨᠠᠷᠠᠰᠤᠨ ᠴᠢᠰᠤᠨ | ᠡᠪᠡᠷ ᠦᠨ ᠪᠦᠲᠦᠭᠡᠭᠳᠡᠬᠦᠨ ᠢ ᠬᠣᠷᠢᠶᠠᠨ | ᠠᠪᠤᠪᠠ ᠂ ᠢᠩᠭᠢᠪᠡᠯ ᠪᠢᠳᠡ ᠰᠡᠳᠬᠢᠯ ᠠᠮᠤᠷ | ᠮᠥᠷᠲᠡᠭᠡᠨ ᠬᠡᠷ ᠦᠨ ᠢᠶᠡᠨ ᠡᠭᠦᠳᠡᠨ ᠳᠦ | ᠠᠵᠢᠯ ᠣᠯᠵᠤ ᠳᠡᠶᠢᠯᠬᠦ ᠪᠣᠯᠤᠨ᠎ᠠ ᠂ ᠵᠥᠪᠬᠡᠨ | ᠡᠨᠡ ᠨᠢᠭᠡ ᠵᠦᠶᠯ ᠳᠦ ᠲᠦᠰᠢᠭᠯᠡᠪᠡᠯ ᠮᠢᠨᠦ | ᠡᠨᠡ ᠵᠢᠯ ᠦᠨ ᠣᠷᠣᠯᠭ᠎ᠠ ᠳᠠᠷᠤᠶ 20 ᠭᠠᠷᠤᠶ | ᠲᠦᠮᠡᠨ ᠲᠥᠭᠥᠷᠢᠭ ᠲᠦ ᠬᠥᠷᠬᠥ ᠪᠣᠯᠤᠨ᠎ᠠ᠃ 》 | ᠭᠡᠵᠦ ᠶᠢᠨ ᠵᠢᠶᠠ ᠳ᠋ᠢᠶᠠᠨ ᠲᠣᠰᠬᠣᠨ ᠤ ᠴᠧᠨ | ᠶᠦᠩ ᠴᠢᠩ ᠰᠤᠷᠪᠤᠯᠵᠢᠯᠠᠭᠴᠢ ᠳᠤ ᠬᠡᠯᠡᠪᠡ᠃ | 《 ᠬᠣᠰᠢᠭᠤ ᠨᠠᠮ ᠤᠨ ᠬᠣᠷᠢᠶ᠎ᠠ ᠂ ᠬᠣᠰᠢᠭᠤ | ᠵᠠᠰᠠᠭ ᠤᠨ ᠣᠷᠳᠣᠨ ᠣᠶ ᠰᠢᠭᠤᠶ ᠶᠢᠨ | ᠦᠶᠯᠡᠰ ᠦᠨ ᠠᠵᠤ ᠠᠬᠤᠶ ᠶᠢ | ᠬᠥᠭᠵᠢᠭᠦᠯᠬᠦ ᠶᠢ ᠪᠥᠬᠥ ᠬᠣᠰᠢᠭᠤᠨ ᠤ | ᠶᠢᠰᠦᠨ ᠶᠡᠬᠡ ᠤᠨᠴᠠᠯᠢᠭᠳᠤ ᠭᠤᠤᠯᠯᠠᠬᠤ ᠠᠵᠤ | ᠦᠶᠯᠡᠰ ᠡᠴᠡ ᠭᠠᠳᠠᠨᠠᠬᠢ ᠳᠠᠪᠠᠭᠤᠯᠢᠭ ᠠᠵᠤ | ᠦᠶᠯᠡᠰ ᠪᠣᠯᠭᠠᠨ ᠠᠳᠬᠤᠵᠤ ᠂ ᠣᠶ ᠰᠢᠭᠤᠶ | ᠨᠤᠲᠤᠭ ᠪᠡᠯᠴᠢᠭᠡᠷ ᠦᠨ ᠲᠣᠪᠴᠢᠶ᠎ᠠ ᠠᠴᠠ | ᠬᠠᠮᠢᠶ᠎ᠠ ᠪᠥᠬᠥᠶ ᠮᠡᠷᠭᠡᠵᠢᠯ ᠦᠨ ᠲᠤᠰᠬᠠᠶ | ᠮᠡᠷᠭᠡᠵᠢᠯᠲᠡᠨ ᠵᠢᠴᠢ ᠦᠶᠯᠡᠳᠪᠦᠷᠢ ᠶᠢ | ᠵᠣᠬᠢᠶᠠᠨ ᠪᠠᠶᠢᠭᠤᠯᠤᠨ ᠲᠤᠬᠠᠶ ᠶᠢᠨ | ᠭᠠᠵᠠᠷ ᠲᠤᠨᠢ ᠵᠢᠯᠣᠭᠣᠳᠴᠤ ᠂ ᠣᠶ ᠶᠢᠨ | ᠬᠣᠷᠮᠣᠶ ᠶᠢᠨ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢ ᠪᠥᠬᠥ | ᠬᠦᠴᠦᠨ ᠢᠶᠡᠷ ᠢᠶᠡᠨ ᠪᠠᠲᠤᠯᠠᠵᠤ ᠂ | ᠬᠥᠬᠡᠮᠳᠦᠭ ᠨᠣᠭᠣᠭᠠᠨ ᠠᠭᠤᠯᠠ ᠤᠰᠤ ᠠᠴᠠ | ᠠᠯᠲᠠ ᠮᠥᠩᠭᠥᠨ ᠠᠭᠤᠯᠠᠨ ᠡᠨ᠋ᠸᠷᠭᠢ | ᠲᠠᠰᠤᠷᠠᠯᠲᠠ ᠥᠬᠡᠶ ᠭᠠᠷᠭᠠᠨ᠎ᠠ᠃ 》 ᠭᠡᠵᠦ ᠣᠶ | ᠰᠢᠭᠤᠶ ᠨᠤᠲᠤᠭ ᠪᠡᠯᠴᠢᠭᠡᠷ ᠦᠨ | ᠲᠣᠪᠴᠢᠶᠠᠨ ᠤ ᠳᠡᠳ᠋ ᠳᠠᠷᠤᠭ᠎ᠠ ᠯᠢ ᠮᠢᠩ | ᠰᠤᠷᠪᠤᠯᠵᠢᠯᠠᠭᠴᠢ ᠳᠤ ᠬᠡᠯᠡᠪᠡ᠃ | ᠣᠳᠣᠬᠠᠨ ᠳᠤ ᠂ ᠬᠠᠷᠠᠴᠢᠨ ᠬᠣᠰᠢᠭᠤ ᠶᠠᠭ | ᠰᠡᠳᠬᠢᠯ ᠨᠢᠭᠡᠳᠦᠨ ᠬᠦᠴᠦ ᠪᠡᠨ | ᠬᠠᠮᠲᠤᠳᠬᠠᠵᠤ ᠂ ᠣᠢ ᠰᠢᠭᠤᠶ ᠶᠢᠨ ᠠᠵᠤ | ᠠᠬᠤᠶ ᠶᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠶᠢᠨ ᠲᠥᠯᠥᠭᠡ | ᠲᠠᠰᠤᠷᠠᠯᠲᠠ ᠦᠭᠡᠢ ᠡᠷᠡᠯᠬᠡᠭᠯᠡᠨ | ᠤᠷᠤᠭᠰᠢᠯᠠᠵᠤ ᠪᠠᠢᠨ᠎ᠠ᠃ | | | | | | | | | | |