ᠵᠣᠣ ᠶᠠᠨ ᠬᠤᠩ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ ᠪᠡᠯᠡᠳᠬᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/6/29
ᠵᠣᠣ ᠶᠠᠨ ᠬᠤᠩ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ ᠪᠡᠯᠡᠳᠬᠡᠭᠰᠡᠨ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠪᠠ    6 ᠰᠠᠷ᠎ᠠ ᠶᠢᠨ 28 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠨᠢᠤ ᠵᠢᠶᠠ ᠢᠩᠽᠢ ᠪᠠᠯᠭᠠᠰᠤ᠂ ᠶᠢᠨ ᠱᠠᠨ ᠪᠠᠯᠭᠠᠰᠤ ᠪᠠ ᠮᠡᠢᠷᠡᠨ ᠪᠠᠯᠭᠠᠰᠤᠨ ᠤ ᠲᠣᠭᠤᠷᠢᠨ ᠦᠵᠡᠬᠦ ᠭᠠᠵᠠᠷ ᠲᠤ ᠬᠦᠷᠴᠦ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠳᠡᠳ᠋ ᠬᠤᠰᠢᠭᠤᠨ ᠳᠠᠷᠤᠭ᠎ᠠ ᠪᠢᠴᠢᠭᠲᠦ ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤᠨ ᠤ ᠭᠤᠤᠯ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠵᠤᠤ ᠶᠠᠨ ᠬᠤᠩ ᠨᠠᠷ ᠤᠷᠢᠳ ᠬᠤᠵᠢᠳ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠵᠢᠨᠱᠠᠨ ᠤ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ᠂ ᠮᠡᠢᠷᠡᠨ ᠪᠠᠯᠭᠠᠰᠤ ᠶᠢᠨ ᠰᠢᠶᠤᠤ ᠮᠧᠢ ᠯᠢᠨ ᠲᠣᠰᠬᠤᠨ ᠤ ᠤᠢ ᠶᠢᠨ ᠬᠤᠷᠮᠣᠢ ᠶᠢᠨ ᠠᠵᠤ ᠠᠬᠤᠢ ᠵᠡᠷᠭᠡ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠴᠡᠢ᠃ ᠬᠠᠮᠢᠶ᠎ᠠ ᠪᠦᠬᠦᠢ ᠠᠵᠤ ᠦᠢᠯᠡᠰ ᠤᠨ ᠲᠦᠷᠦᠯ ᠵᠦᠢᠯ ᠢ ᠠᠬᠢᠭᠤᠯᠵᠤ ᠪᠠᠶᠢᠭ᠎ᠠ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠤ᠂ ᠶᠡᠭᠡ ᠬᠤᠷᠠᠯ ᠤᠨ ᠪᠡᠯᠡᠳᠬᠡᠯ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠠᠵᠢᠯ ᠤᠨ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠲᠤᠬᠠᠢ ᠶᠢᠨ ᠭᠠᠵᠠᠷ ᠲᠤᠨᠢ ᠰᠤᠳᠤᠯᠤᠨ ᠰᠢᠢᠳᠪᠦᠷᠢᠯᠡᠪᠡ᠃    ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠪᠥᠬᠦ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠢ ᠡᠷᠭᠢᠯᠡᠭᠰᠡᠨ ᠨᠢ ᠤᠯᠠᠭᠠᠨᠬᠠᠳᠠ ᠶᠢᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠶᠢᠨ ᠲᠥᠯᠥᠭᠡ ᠶᠤᠮ᠂ ᠡᠨᠡ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠴᠢᠬᠤᠯᠠ ᠲᠤᠯᠭᠠᠭᠤᠷᠢᠯᠠᠯ ᠮᠥᠨ᠃ ᠪᠥᠬᠦ ᠬᠤᠰᠢᠭᠤ ᠪᠠᠷ ᠢᠶᠠᠨ ᠲᠣᠰ ᠤᠳᠠᠭᠠᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠦᠵᠡᠯ ᠰᠠᠨᠠᠭ᠎ᠠ ᠪᠠ ᠦᠶ᠋ᠯᠡ ᠠᠵᠢᠯᠯᠠᠭ᠎ᠠ ᠪᠠᠨ ᠦᠨᠡᠨ ᠬᠦ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠱᠠᠯᠠᠪᠳᠠᠨ ᠬᠥᠳᠡᠯᠦᠯᠴᠡᠵᠦ᠂ ᠲᠦᠷᠭᠡᠳᠬᠡᠨ ᠠᠬᠢᠭᠤᠯᠬᠤ ᠬᠡᠷᠡᠭᠲᠡᠶ᠃    ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠨᠢᠭᠡᠴᠡ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠬᠤᠷᠠᠯ ᠤᠨ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠠᠷᠢᠭᠤᠴᠠᠯᠭ᠎ᠠ ᠪᠠᠨ ᠲᠣᠳᠣᠷᠬᠠᠶᠢᠯᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠷᠢᠨ ᠪᠣᠳᠠᠲᠠᠢ ᠠᠳᠬᠤᠵᠤ᠂ ᠬᠠᠷᠢᠭᠤᠴᠠᠵᠤ ᠪᠠᠶᠢᠭ᠎ᠠ ᠠᠵᠢᠯ ᠢᠶᠠᠨ ᠨᠠᠷᠢᠨ ᠨᠢᠮᠪᠠᠢ ᠪᠣᠳᠣᠯᠬᠢᠯᠠᠵᠤ᠂ ᠨᠠᠷᠢᠨ ᠨᠢᠮᠪᠠᠢ ᠬᠢᠵᠦ᠂ ᠠᠵᠢᠯ ᠢᠶᠠᠨ ᠰᠠᠭᠠᠲᠠᠭᠠᠬᠤ ᠦᠭᠡᠢ ᠣᠷᠬᠢᠭᠳᠠᠭᠤᠯᠬᠤ ᠦᠭᠡᠢ ᠪᠠᠶᠢᠬᠤ ᠶᠢ ᠪᠠᠲᠤᠯᠠᠵᠤ᠂ ᠭᠤᠭᠴᠤᠭ᠎ᠠ ᠨᠢᠭᠡᠪᠦᠷᠢ ᠶᠢ ᠴᠢᠩᠭ᠎ᠠ ᠨᠢᠮᠪᠠᠢ ᠠᠳᠬᠤᠵᠤ᠂ ᠨᠠᠷᠢᠨ ᠵᠦᠢᠯᠡᠰ ᠨᠢᠭᠡᠪᠦᠷᠢ ᠶᠢ ᠤᠨᠢᠨ ᠳᠡᠭᠡᠷ᠎ᠡ ᠨᠢ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ᠥᠨᠳᠥᠷ ᠪᠦᠲᠦᠮᠵᠢᠲᠡᠶ ᠪᠥᠭᠡᠳ ᠲᠦᠷᠭᠡᠨ ᠪᠠᠶᠢᠵᠤ᠂ ᠴᠠᠭ ᠮᠥᠴᠡ ᠶᠢ ᠠᠯᠳᠠᠯ ᠥᠬᠡᠶ ᠴᠢᠷᠮᠠᠶᠢᠨ ᠠᠵᠢᠯᠯᠠᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠥᠨᠳᠥᠷ ᠪᠠᠷᠢᠮᠵᠢᠶ᠎ᠠ ᠪᠠᠷ ᠲᠦᠷᠢ ᠲᠥᠷᠬᠦ ᠪᠠᠨ ᠳᠡᠯᠭᠡᠨ ᠦᠵᠡᠭᠦᠯᠵᠦ᠂ ᠣᠨᠴᠠᠯᠢᠭ ᠢᠶᠠᠨ ᠲᠤᠪᠤᠶᠢᠯᠭᠠᠵᠦ᠂ ᠦᠢᠯᠡᠴᠢᠯᠡᠭᠡ ᠪᠠᠨ ᠰᠠᠶᠢᠲᠤᠷ ᠬᠢᠵᠦ᠂ ᠪᠠᠲᠤᠯᠠᠭ᠎ᠠ ᠪᠠᠨ ᠴᠢᠩᠭᠠᠳᠬᠠᠵᠤ᠂ ᠶᠡᠭᠡ ᠬᠤᠷᠠᠯ ᠤᠨ ᠲᠡᠭᠦᠰ ᠠᠮᠵᠢᠯᠲᠠ ᠤᠯᠬᠤ ᠶᠢ ᠪᠠᠲᠤᠯᠠᠬᠤ ᠬᠡᠷᠡᠭᠲᠡᠢ᠃    ᠪᠠᠶᠢᠴᠠᠭᠠᠨ ᠰᠤᠳᠤᠯᠤᠯᠲᠠ ᠶᠢᠨ ᠬᠤᠭᠤᠴᠠᠭᠠᠨ ᠳᠤ᠂ ᠵᠤᠤ ᠶᠠᠨ ᠬᠤᠩ ᠪᠠᠰᠠ ᠠᠶᠤᠯᠭᠦᠢ ᠦᠢᠯᠡᠳᠪᠦᠷᠢᠯᠡᠯ᠂ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠢ ᠶᠢᠨ ᠲᠦᠢᠮᠡᠷ ᠢ ᠰᠡᠷᠭᠡᠶᠢᠯᠡᠬᠦ ᠪᠠ ᠪᠠᠶᠢᠩᠭᠤᠵᠢᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号