ᠬᠠᠷᠠᠴᠢᠨ ᠬᠤᠰᠢᠭᠤᠨ ᠤ ᠾᠧᠪᠧᠢ ᠵᠡᠭᠡᠯᠢ ᠭᠤᠳᠤᠮᠵᠢ  ᠪᠤᠯᠪᠠᠰᠤᠨ ᠬᠤᠲᠠ ᠪᠠᠢᠭᠤᠯᠬᠤ ᠠᠵᠢᠯ ᠢ ᠦᠷᠨᠢᠭᠦᠯᠵᠦ ᠪᠤᠢ
ᠨᠡᠶᠢᠲᠡᠯᠡᠭᠰᠡᠨ ᠴᠠᠭ᠄
2022/7/14
ᠬᠠᠷᠠᠴᠢᠨ ᠬᠤᠰᠢᠭᠤᠨ ᠤ ᠾᠧᠪᠧᠢ ᠵᠡᠭᠡᠯᠢ ᠭᠤᠳᠤᠮᠵᠢ  ᠪᠤᠯᠪᠠᠰᠤᠨ ᠬᠤᠲᠠ ᠪᠠᠢᠭᠤᠯᠬᠤ ᠠᠵᠢᠯ ᠢ ᠦᠷᠨᠢᠭᠦᠯᠵᠦ ᠪᠤᠢ    ᠮᠠᠨ ᠤ ᠬᠤᠰᠢᠭᠤᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠤᠷᠢᠶᠠᠯᠠᠭ᠎ᠠ ᠶᠢ ᠳᠠᠭᠠᠵᠤ᠂ ᠪᠥᠬᠦ ᠠᠷᠠᠳ ᠢᠶᠠᠷ ᠢᠶᠠᠨ ᠣᠷᠣᠯᠴᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠶᠢᠨ ᠲᠥᠯᠥᠭᠡ᠂ ᠾᠧᠪᠧᠢ ᠵᠡᠭᠡᠯᠢ ᠭᠤᠳᠤᠮᠵᠢ ᠶᠢᠨ ᠬᠢᠨ ᠨᠠᠷᠢᠨ ᠲᠠᠯ᠎ᠠ ᠠᠴᠠ ᠪᠣᠳᠣᠯᠬᠢᠯᠠᠨ᠂ ᠦᠷᠭᠦᠯᠵᠢᠯᠡᠨ ᠬᠦᠴᠦᠯᠡᠵᠦ᠂ ᠬᠥᠮᠦᠨ ᠤ ᠬᠦᠴᠦᠨ᠂ ᠪᠣᠳᠠᠰ ᠤᠨ ᠬᠦᠴᠦᠨ ᠢᠶᠠᠨ ᠲᠥᠪᠯᠡᠷᠡᠭᠦᠯᠦᠨ᠂ ᠡᠯ᠎ᠡ ᠵᠦᠢᠯ ᠤᠨ ᠠᠵᠢᠯ ᠢᠶᠠᠨ ᠰᠡᠳᠬᠢᠯ ᠨᠢᠭᠡᠲᠦᠨ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠲᠠᠰᠤᠷᠠᠯᠲᠠ ᠥᠬᠡᠶ ᠳᠥᠯᠭᠢᠨ ᠠᠬᠢᠭᠤᠯᠵᠤ ᠪᠠᠶᠢᠨ᠎ᠠ᠃    ᠾᠧᠪᠧᠢ ᠵᠡᠭᠡᠯᠢ ᠭᠤᠳᠤᠮᠵᠢ ᠶᠢᠨ ᠬᠠᠷᠢᠶ᠎ᠠ ᠲᠣᠭᠤᠷᠢᠭ ᠤᠨ ᠭᠡᠷ ᠪᠠᠶᠢᠰᠢᠩ ᠂ ᠵᠡᠭᠡᠯᠢ ᠂ ᠵᠢᠵᠢᠭ ᠭᠤᠳᠤᠮᠵᠢ᠂ ᠠᠰᠠᠷ ᠤᠨ ᠬᠡᠷᠡᠮ᠂ ᠠᠰᠠᠷ ᠤᠨ ᠬᠤᠩᠭᠢᠯ᠂ ᠴᠠᠬᠢᠯᠭᠠᠨ ᠤᠲᠠᠰᠤᠨ ᠤ ᠪᠠᠭᠠᠨ᠎ᠠ ᠵᠡᠷᠭᠡ ᠭᠠᠵᠠᠷ ᠲᠤ ᠳᠤᠷ᠎ᠠ ᠪᠠᠷ ᠢᠶᠠᠨ ᠨᠠᠭᠠᠭᠰᠠᠨ ᠵᠢᠵᠢᠭ ᠵᠠᠷ ᠮᠡᠳᠡᠭᠡ ᠨᠡᠯᠢᠶᠡᠳ ᠣᠯᠠᠨ ᠪᠠᠶᠢᠵᠤ᠂ ᠴᠠᠬᠢᠯᠭᠠᠨ ᠴᠡᠨᠡᠭᠯᠡᠬᠦ ᠦᠵᠡᠭᠳᠡᠯ ᠨᠡᠶᠢᠳᠡᠮ ᠣᠷᠣᠰᠢᠵᠤ᠂ ᠪᠤᠵᠠᠷ ᠡᠪᠡᠰᠦ ᠬᠤᠭ ᠨᠣᠪᠰᠢ ᠴᠤ ᠪᠦᠬᠦ᠋ᠢᠯᠡ ᠣᠷᠴᠢᠨ ᠲᠣᠭᠤᠷᠢᠨ ᠢ ᠨᠥᠯᠥᠭᠡᠯᠡᠵᠦ ᠪᠠᠶᠢᠨ᠎ᠠ᠃  ᠣᠶᠢᠷ᠎ᠠ ᠶᠢᠨ ᠡᠳᠦᠷ ᠤᠳ ᠲᠤ᠂ ᠡᠯ᠎ᠡ ᠨᠡᠶᠢᠭᠡᠮ ᠲᠣᠭᠤᠷᠢᠭ ᠤᠨ ᠬᠢᠨ ᠬᠠᠷᠢᠶ᠎ᠠ ᠣᠷᠣᠨ ᠤ ᠪᠠᠨ ᠰᠠᠶᠢᠨ ᠳᠤᠷ᠎ᠠ ᠶᠢᠨ ᠠᠵᠢᠯᠯᠠᠭᠴᠢ᠂ ᠰᠦᠯᠵᠢᠶᠡᠨ ᠤ ᠠᠵᠢᠯᠲᠠᠨ᠂ ᠨᠠᠮ ᠤᠨ ᠭᠡᠰᠢᠭᠦᠨ ᠺᠠᠳ᠋ᠷᠴᠤᠳ ᠢ ᠢᠳᠡᠪᠬᠢᠲᠡᠶ ᠪᠠᠷ ᠳᠠᠶᠢᠴᠢᠯᠠᠨ ᠵᠢᠵᠢᠭ ᠵᠠᠷ ᠪᠣᠯᠤᠨ ᠬᠤᠭ ᠨᠣᠪᠰᠢ ᠶᠢ ᠠᠷᠢᠯᠭᠠᠬᠤ ᠶᠢᠨ ᠬᠠᠮᠲᠤ ᠨᠠᠰᠢ ᠴᠠᠰᠢ ᠥᠩᠭᠡᠷᠡᠬᠦ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠲᠡᠷᠭᠡ ᠶᠢ ᠨᠢ ᠡᠮᠬᠢ ᠵᠢᠷᠤᠮ ᠲᠠᠢ ᠪᠠᠷ ᠵᠣᠭᠰᠣᠭᠠᠵᠤ᠂ ᠳᠤᠷ᠎ᠠ ᠪᠠᠷ ᠢᠶᠠᠨ ᠬᠠᠶᠠᠵᠤ ᠳᠤᠷ᠎ᠠ ᠪᠠᠷ ᠢᠶᠠᠨ ᠵᠢᠷᠤᠬᠤ ᠦᠭᠡᠶ᠂ ᠳᠤᠷ᠎ᠠ ᠪᠠᠷ ᠢᠶᠠᠨ ᠴᠠᠬᠢᠯᠭᠠᠨ ᠤᠲᠠᠰᠤ ᠲᠠᠲᠠᠬᠤ ᠦᠭᠡᠶ ᠪᠣᠯᠭᠠᠵᠤ᠂ ᠣᠯᠠᠨ ᠲᠦᠮᠡᠨ ᠢ ᠪᠣᠯᠪᠠᠰᠤᠨ ᠵᠠᠩ ᠳᠠᠳᠬᠠᠯ ᠲᠠᠢ ᠪᠤᠯᠭᠠᠵᠤ᠂ ᠪᠠᠭ᠎ᠠ ᠶᠠᠪᠤᠳᠠᠯ ᠠᠴᠠ ᠡᠬᠢᠯᠡᠨ ᠬᠢᠵᠦ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯᠯᠠᠭ᠎ᠠ ᠳᠤ ᠬᠠᠮᠲᠤ ᠪᠠᠷ ᠣᠷᠣᠯᠴᠠᠬᠤ ᠶᠢ ᠵᠣᠷᠢᠭᠵᠢᠭᠤᠯᠵᠠᠶ᠃    ᠪᠣᠯᠪᠠᠰᠤᠨ ᠬᠤᠳᠠ ᠶᠢ ᠪᠦᠬᠦ ᠠᠷᠠᠳ ᠢᠶᠠᠷ ᠢᠶᠠᠨ ᠬᠠᠮᠲᠤ ᠪᠠᠷ ᠪᠠᠶᠢᠭᠤᠯᠵᠤ᠂ ᠰᠠᠶᠢᠨ ᠰᠠᠶᠢᠬᠠᠨ ᠠᠮᠢᠳᠤᠷᠠᠯ ᠢ ᠴᠢ ᠪᠢᠳᠡ ᠬᠠᠮᠲᠤ ᠪᠠᠷ ᠡᠳ᠋ᠯᠡᠨ᠎ᠡ᠃ ᠾᠧᠪᠧᠢ ᠵᠡᠭᠡᠯᠢ ᠭᠤᠳᠤᠮᠵᠢ ᠨᠢ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠬᠤᠲᠠ ᠪᠠᠶᠢᠭᠤᠯᠬᠤ ᠶᠠᠪᠤᠴᠠ ᠶᠢ ᠣᠯᠠᠨ ᠲᠦᠮᠡᠨ ᠳᠤ ᠪᠣᠳᠠᠲᠠᠶ ᠶᠠᠪᠤᠳᠠᠯ ᠬᠢᠵᠦ ᠬᠦᠴᠢᠷ ᠠᠰᠠᠭᠤᠳᠠᠯ ᠢ ᠰᠢᠢᠳᠪᠦᠷᠢᠯᠡᠬᠦ ᠶᠠᠪᠤᠴᠠ ᠪᠣᠯᠭᠠᠨ ᠬᠤᠪᠢᠷᠠᠭᠤᠯᠵᠤ᠂ ᠡᠭᠦᠷᠭᠡ ᠶᠢᠨ ᠨᠠᠷᠢᠨ ᠲᠠᠩᠰᠠ ᠲᠠᠢ ᠬᠠᠷᠢᠴᠠᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠣᠯᠪᠠᠰᠤᠨ ᠤ ᠬᠥᠮᠦᠵᠢᠯ᠂ ᠦᠢᠯᠡᠳᠦᠯᠭᠡ ᠶᠢᠨ ᠥᠷᠲᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠭᠤᠤᠯᠳᠠᠯᠭ᠎ᠠ ᠲᠠᠢ ᠪᠠᠷ ᠬᠢᠨᠠᠨ ᠵᠢᠯᠣᠭᠤᠳᠴᠤ᠂ ᠠᠰᠠᠭᠤᠳᠠᠯ ᠢ ᠢᠯᠡᠷᠡᠭᠦᠯᠪᠡᠯ ᠢᠳᠡᠪᠬᠢᠲᠡᠶ ᠪᠠᠷ ᠴᠡᠭᠴᠡᠯᠡᠨ ᠰᠠᠶᠢᠵᠢᠷᠠᠭᠤᠯᠵᠤ᠂ ᠵᠣᠬᠢᠶᠠᠨ ᠪᠠᠶᠢᠭᠤᠯᠬᠤ ᠠᠵᠢᠯᠯᠠᠭ᠎ᠠ ᠪᠠᠷ ᠳᠠᠮᠵᠢᠭᠤᠯᠤᠨ ᠣᠯᠠᠨ ᠲᠦᠮᠡᠨ ᠤ ᠣᠶᠢᠯᠠᠭᠠᠬᠤ ᠨᠣᠷᠮ᠎ᠠ ᠪᠠ ᠣᠷᠣᠯᠴᠠᠬᠤ ᠨᠣᠷᠮ᠎ᠠ ᠶᠢ ᠥᠷᠭᠡᠳᠬᠡᠨ᠂ ᠬᠤᠲᠠ ᠪᠠᠶᠢᠭᠤᠯᠬᠤ ᠠᠵᠢᠯ ᠤᠨ ᠪᠠᠶᠢᠩᠭᠤᠵᠢᠯᠲᠠ ᠶᠢ ᠲᠠᠰᠤᠷᠠᠯᠲᠠ ᠥᠬᠡᠶ ᠳᠥᠯᠭᠢᠨ ᠠᠬᠢᠭᠤᠯᠬᠤ ᠬᠡᠷᠡᠭᠲᠡᠶ᠃ ᠣᠳᠣᠬᠠᠨ ᠳᠤ᠂ ᠬᠤᠲᠠ ᠪᠠᠶᠢᠭᠤᠯᠬᠤ ᠲᠤᠰᠬᠠᠶ ᠰᠡᠳᠦᠪᠲᠦ ᠠᠵᠢᠯ ᠢ ᠳᠥᠯᠭᠢᠨ ᠠᠬᠢᠭᠤᠯᠬᠤ ᠬᠤᠷᠠᠯ ᠢ 5 ᠤᠳᠠᠭ᠎ᠠ ᠬᠤᠷᠠᠯᠳᠤᠭᠤᠯᠵᠤ᠂ ᠬᠤᠲᠠ ᠪᠠᠶᠢᠭᠤᠯᠬᠤ ᠤᠬᠠᠭᠤᠯᠭ᠎ᠠ ᠶᠢᠨ ᠳᠡᠪᠲᠡᠷ ᠢ 2000 ᠬᠤᠪᠢ ᠳᠠᠷᠤᠮᠠᠯᠯᠠᠨ ᠲᠠᠷᠬᠠᠭᠠᠵᠤ᠂ ᠸᠢᠴᠠᠲ ᠤᠨ ᠪᠦᠯᠦᠭ᠂ ᠡᠯᠭᠦᠭᠡ ᠪᠢᠴᠢᠭᠡᠰᠦ᠂ ᠡᠯᠧᠺᠲᠷᠣᠨ ᠳᠡᠯᠭᠡᠴᠡ ᠵᠡᠷᠭᠡ ᠠᠷᠭ᠎ᠠ ᠮᠠᠶ᠋ᠢᠭ ᠢ ᠠᠰᠢᠭᠯᠠᠨ 30 ᠤᠳᠠᠭ᠎ᠠ ᠤᠬᠠᠭᠤᠯᠵᠤ᠂ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ 6 ᠤᠳᠠᠭ᠎ᠠ ᠥᠷᠨᠢᠭᠦᠯᠵᠦ᠂ ᠵᠢᠵᠢᠭ ᠵᠠᠷ ᠮᠡᠳᠡᠭᠡ ᠶᠢ 200 ᠤᠳᠠᠭ᠎ᠠ ᠴᠡᠪᠡᠷᠯᠡᠵᠦ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ 3 ᠤᠳᠠᠭ᠎ᠠ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ 16 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠲᠥᠷᠥᠯ ᠵᠦᠢᠯ ᠢ ᠨᠢᠭᠡᠨᠲᠡ ᠪᠦᠬᠦᠨ ᠢ ᠠᠵᠢᠯ ᠡᠬᠢᠯᠡᠭᠦᠯᠵᠦ᠂ ᠬᠤᠲᠠ ᠲᠣᠭᠤᠷᠢᠭ ᠤᠨ ᠵᠡᠭᠡᠯᠢ ᠭᠤᠳᠤᠮᠵᠢ ᠶᠢ ᠬᠠᠲᠠᠭᠤᠷᠠᠭᠤᠯᠬᠤ ᠲᠥᠷᠥᠯ ᠵᠦᠢᠯ ᠢ 4 ᠤᠯᠬᠤ ᠪᠠᠷ ᠴᠢᠷᠮᠠᠶᠢᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号