ᠵᠢᠨᠱᠠᠨ ᠪᠠᠯᠭᠠᠰᠤ᠄ ᠮᠡᠬᠡᠯᠡᠯ ᠢ ᠡᠰᠡᠷᠭᠦᠴᠡᠬᠦ APP ᠶᠢᠨ ᠳᠡᠩᠰᠡᠯᠡᠯᠲᠡ ᠶᠢ ᠳᠡᠯᠭᠡᠷᠡᠭᠦᠯᠬᠦ ᠠᠵᠢᠯ ᠢ ︽ᠳᠠᠬᠢᠨ | ᠬᠦᠴᠦᠯᠡᠪᠡ︾ | ᠬᠠᠷᠢᠶᠠᠲᠤ ᠣᠷᠣᠨ ᠤ ᠣᠯᠠᠨ ᠲᠦᠮᠡᠨ ᠤ ᠡᠯ᠎ᠡ ᠲᠥᠷᠥᠯ ᠤᠨ ᠴᠠᠬᠢᠯᠭᠠᠨ ᠬᠤᠯᠪᠣᠭ᠎ᠠ ᠪᠠᠷ ᠮᠡᠬᠡᠯᠡᠬᠦ ᠶᠢ | ᠰᠡᠷᠭᠡᠶᠢᠯᠡᠬᠦ ᠠᠮᠤᠷ ᠲᠦᠪᠰᠢᠨ ᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠡᠬᠡᠯᠡᠬᠦ ᠶᠢ ᠰᠡᠷᠭᠡᠶᠢᠯᠡᠵᠦ | ᠮᠡᠬᠡᠯᠡᠬᠦ ᠶᠢ ᠡᠰᠡᠷᠭᠦᠴᠡᠬᠦ ᠤᠬᠠᠭᠤᠯᠭ᠎ᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ | ᠣᠶᠢᠷ᠎ᠠ ᠳᠤ᠂ ᠵᠢᠨᠱᠠᠨ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠮᠡᠬᠡᠯᠡᠬᠦ ᠶᠢ ᠡᠰᠡᠷᠭᠦᠴᠡᠬᠦ | APP ᠶᠢᠨ ᠳᠡᠩᠰᠡᠯᠡᠯᠲᠡ ᠶᠢᠨ ᠠᠵᠢᠯ ᠢ ᠳᠥᠯᠭᠢᠨ ᠠᠬᠢᠭᠤᠯᠵᠤ᠂ ᠠᠷᠠᠳ ᠣᠯᠠᠨ ᠤ ︽ᠵᠣᠭᠤᠰᠣᠨ ᠤᠭᠤᠲᠠ︾ | ᠶᠢ ᠦᠨᠡᠨ ᠬᠦ ᠰᠠᠬᠢᠨ ᠬᠠᠮᠠᠭᠠᠯᠠᠵᠤ ᠪᠠᠶᠢᠨ᠎ᠠ᠃ | ᠲᠤᠰᠬᠠᠶ ᠬᠥᠮᠦᠨ ᠲᠣᠬᠢᠷᠠᠭᠤᠯᠵᠤ ᠴᠡᠭ ᠲᠣᠭᠲᠠᠭᠠᠨ ᠳᠡᠯᠭᠡᠷᠡᠭᠦᠯᠦᠨ᠎ᠡ᠃ ᠭᠠᠴᠠᠭᠠᠨ ᠤ ᠺᠠᠳ᠋ᠷ ᠢ ᠭᠠᠴᠠᠭᠠᠨ ᠤ | ᠵᠥᠪᠯᠡᠯ ᠳᠤ ᠵᠢᠵᠢᠭᠦᠷᠯᠡᠭᠦᠯᠬᠦ ᠪᠠᠷ ᠲᠣᠬᠢᠷᠠᠭᠤᠯᠵᠤ᠂ ᠮᠡᠬᠡᠯᠡᠨ ᠬᠢᠬᠠᠬᠤ ᠶᠢ ᠡᠰᠡᠷᠭᠦᠴᠡᠬᠦ APP ᠶᠢ ᠤᠬᠠᠭᠤᠯᠤᠨ | ᠳᠡᠯᠭᠡᠷᠡᠭᠦᠯᠬᠦ ᠠᠵᠢᠯ ᠢ ᠲᠤᠰᠬᠠᠶᠢᠯᠠᠨ ᠬᠠᠷᠢᠭᠤᠴᠠᠵᠤ᠂ ᠣᠯᠠᠨ ᠲᠦᠮᠡᠨ ᠳᠤ ᠮᠡᠬᠡᠯᠡᠨ ᠬᠢᠬᠠᠬᠤ ᠶᠢ ᠡᠰᠡᠷᠭᠦᠴᠡᠬᠦ | ᠮᠡᠳᠡᠯᠭᠡ ᠶᠢ ᠢᠳᠡᠪᠬᠢᠲᠡᠶ ᠪᠠᠷ ᠤᠬᠠᠭᠤᠯᠵᠤ᠂ ᠰᠠᠭᠤᠭᠠᠯᠢ ᠠᠷᠠᠳ ᠲᠤ ᠬᠤᠪᠢ ᠬᠥᠮᠦᠨ ᠤ ᠨᠢᠭᠤᠴᠠ ᠪᠠᠨ ᠰᠠᠶᠢᠲᠤᠷ | ᠬᠠᠮᠠᠭᠠᠯᠠᠬᠤ ᠶᠢ ᠠᠩᠬᠠᠷᠴᠤ᠂ ᠥᠴᠦᠬᠡᠨ ᠠᠰᠢᠭ ᠲᠤ ᠰᠢᠨᠤᠬᠠᠶᠢᠷᠠᠬᠤ ᠰᠡᠳᠬᠢᠯᠭᠡ ᠲᠠᠢ ᠪᠠᠶᠢᠵᠤ ᠪᠣᠯᠬᠤ ᠥᠬᠡᠶ᠂ ︽ | ᠪᠠᠭ᠎ᠠ ᠪᠠᠯᠠ ᠣᠷᠣᠭᠤᠯᠵᠤ ᠶᠡᠭᠡ ᠬᠠᠷᠠᠮᠵᠢ ᠤᠯᠬᠤ︾ ︽ᠪᠠᠭ᠎ᠠ ᠠᠶᠤᠯ ᠲᠦᠭᠰᠢᠭᠦᠷᠢ ᠶᠡᠭᠡ ᠠᠰᠢᠭ ᠤᠯᠬᠤ︾ ︽ | ᠨᠢᠭᠡ ᠪᠠᠯᠠ ᠲᠦᠮᠡᠨ ᠠᠰᠢᠭ ᠤᠯᠬᠤ︾ ᠵᠡᠷᠭᠡ ᠥᠳᠥᠭᠡᠯᠭᠡ ᠶᠢ ᠠᠮᠠᠷᠬᠠᠨ ᠢᠲᠡᠭᠡᠵᠦ ᠪᠣᠯᠬᠤ ᠥᠬᠡᠶ᠂ ︽ᠠᠮᠠᠷᠬᠠᠨ | ᠢᠲᠡᠭᠡᠬᠦ ᠥᠬᠡᠶ᠂ ᠨᠢᠭᠤᠴᠠ ᠵᠠᠳᠠᠷᠠᠭᠤᠯᠬᠤ ᠥᠬᠡᠶ᠂ ᠲᠠᠩᠰᠠ ᠰᠢᠯᠵᠢᠭᠦᠯᠬᠦ ᠥᠬᠡᠶ︾ ᠪᠠᠶᠢᠵᠤ᠂ | ᠰᠡᠵᠢᠭᠯᠡᠯᠲᠡᠶ ᠪᠠᠶᠢᠳᠠᠯ ᠲᠣᠬᠢᠶᠠᠯᠳᠤᠪᠠᠯ ᠴᠠᠭ ᠲᠤᠬᠠᠶ ᠳᠤᠨᠢ ᠴᠠᠭᠳᠠᠭ᠎ᠠ ᠳᠤ ᠮᠡᠳᠡᠭᠦᠯᠬᠦ ᠤᠲᠠᠰᠤ ᠠᠪᠬᠤ ᠬᠡᠷᠡᠭᠲᠡᠶ | ᠭᠡᠵᠦ ᠰᠠᠨᠠᠭᠤᠯᠵᠤ ᠪᠠᠶᠢᠨ᠎ᠠ᠃ | ᠵᠣᠬᠢᠶᠠᠨ ᠪᠠᠶᠢᠭᠤᠯᠬᠤ ᠠᠵᠢᠯᠯᠠᠭ᠎ᠠ ᠶᠢ ᠲᠥᠪᠯᠡᠷᠡᠭᠦᠯᠦᠨ ᠳᠡᠯᠭᠡᠷᠡᠭᠦᠯᠪᠡ᠃ ᠳᠡᠯᠭᠡᠭᠡ ᠮᠠᠶᠢᠮᠠᠶ ᠶᠢᠨ ᠴᠡᠭ | ᠭᠠᠷᠭᠠᠬᠤ ᠠᠷᠭ᠎ᠠ ᠮᠠᠶ᠋ᠢᠭ ᠢ ᠢᠳᠡᠪᠬᠢᠲᠡᠶ ᠬᠡᠷᠡᠭᠯᠡᠨ᠂ ᠬᠥᠮᠦᠨ ᠤ ᠤᠷᠤᠰᠬᠠᠯ ᠤᠨ ᠬᠡᠮᠵᠢᠶ᠎ᠡ ᠨᠡᠯᠢᠶᠡᠳ ᠶᠡᠭᠡ | ᠭᠠᠵᠠᠷ ᠲᠤ ᠮᠡᠬᠡᠯᠡᠬᠦ ᠶᠢ ᠡᠰᠡᠷᠭᠦᠴᠡᠬᠦ APP ᠶᠢ ᠲᠥᠪᠯᠡᠷᠡᠭᠦᠯᠦᠨ ᠤᠬᠠᠭᠤᠯᠤᠨ᠎ᠠ᠃ ᠠᠵᠢᠯᠯᠠᠭ᠎ᠠ ᠶᠢᠨ ᠳᠤᠮᠳᠠ᠂ | ᠠᠵᠢᠯᠲᠠᠳ ᠣᠯᠠᠨ ᠲᠦᠮᠡᠨ ᠳᠤ ᠬᠠᠪᠰᠤᠷᠤᠨ ᠮᠡᠬᠡᠯᠡᠬᠦ ᠶᠢ ᠡᠰᠡᠷᠭᠦᠴᠡᠬᠦ APP ᠶᠢ ᠤᠭᠰᠠᠷᠠᠭᠤᠯᠤᠨ | ᠳᠠᠩᠰᠠᠯᠠᠭᠤᠯᠵᠤ᠂ ᠮᠡᠬᠡᠯᠡᠬᠦ ᠶᠢ ᠡᠰᠡᠷᠭᠦᠴᠡᠬᠦ APP ᠶᠢᠨ ᠬᠡᠷᠡᠭᠴᠡᠭᠡ ᠶᠢ ᠨᠢᠭᠤᠷᠲᠠᠨ ᠲᠠᠨᠢᠯᠴᠠᠭᠤᠯᠵᠤ᠂ | ᠰᠦᠯᠵᠢᠶᠡᠨ ᠳᠡᠭᠡᠷ᠎ᠡ ᠱᠠᠩᠨᠠᠯ ᠤᠯᠬᠤ᠂ ᠬᠤᠳᠠᠯ ᠬᠠᠭᠤᠷᠮᠠᠭ ᠮᠡᠳᠡᠭᠡ ᠵᠠᠩᠭᠢ ᠶᠢᠨ ᠮᠡᠬᠡᠯᠡᠯ ᠬᠢᠬᠦ᠂ ᠲᠥᠷᠥᠯ ᠰᠠᠳᠤᠨ | ᠨᠠᠶᠢᠵᠠ ᠨᠥᠬᠦᠳ ᠤᠨ ᠢᠶᠠᠨ ᠠᠳᠡᠯ ᠤᠨ ᠮᠡᠬᠡᠯᠡᠯ ᠬᠢᠬᠦ ᠵᠡᠷᠭᠡ ᠠᠯᠢ ᠣᠯᠠᠨ ᠰᠦᠯᠵᠢᠶᠡᠨ ᠤ ᠴᠠᠬᠢᠯᠭᠠᠨ | ᠬᠤᠯᠪᠣᠭ᠎ᠠ ᠶᠢᠨ ᠮᠡᠬᠡᠯᠡᠯ ᠤᠨ ᠣᠨᠴᠠᠯᠢᠭ᠂ ᠬᠡᠷᠡᠭ ᠬᠢᠬᠦ ᠠᠷᠭ᠎ᠠ ᠪᠠᠷᠢᠯ ᠪᠠ ᠰᠡᠷᠭᠡᠶᠢᠯᠡᠬᠦ ᠭᠤᠤᠯᠳᠠᠯᠭ᠎ᠠ ᠶᠢ ᠬᠠᠯᠠᠰᠢᠷᠠᠯ | ᠥᠬᠡᠶ ᠲᠠᠶᠢᠯᠪᠤᠷᠢᠯᠠᠨ ᠥᠭᠴᠦ᠂ ᠠᠷᠠᠳ ᠨᠡᠶᠢᠲᠡ ᠶᠢᠨ ᠮᠡᠬᠡᠯᠡᠬᠦ ᠶᠢ ᠲᠠᠨᠢᠬᠤ᠂ ᠮᠡᠬᠡᠯᠡᠬᠦ ᠶᠢ ᠰᠡᠷᠭᠡᠶᠢᠯᠡᠬᠦ᠂ | ᠮᠡᠬᠡᠯᠡᠬᠦ ᠶᠢ ᠲᠡᠪᠴᠢᠬᠦ ᠤᠬᠠᠮᠰᠠᠷ ᠪᠠ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | ᠵᠡᠭᠡᠯᠢ ᠭᠤᠳᠤᠮᠵᠢ ᠠᠶᠢᠯ ᠡᠷᠦᠬᠡ ᠪᠡᠷ ᠣᠷᠣᠵᠤ ᠠᠮᠢᠳᠤᠯᠢᠭ ᠢᠶᠠᠷ ᠳᠡᠯᠭᠡᠷᠡᠭᠦᠯᠦᠨ᠎ᠡ᠃ ᠨᠤᠲᠤᠭ ᠲᠠᠭᠠᠨ | ᠪᠤᠴᠠᠭᠰᠠᠨ ᠤᠶᠤᠲᠠᠳ ᠰᠠᠨᠠᠭᠠᠴᠢᠯᠠᠭ᠎ᠠ ᠠᠴᠠ ᠪᠠᠨ ᠮᠡᠬᠡᠯᠡᠯ ᠢ ᠡᠰᠡᠷᠭᠦᠴᠡᠬᠦ APP ᠶᠢᠨ ᠰᠠᠶᠢᠨ ᠳᠤᠷ᠎ᠠ ᠶᠢᠨ | ᠠᠵᠢᠯᠯᠠᠭᠴᠢ ᠪᠣᠯᠬᠤ ᠪᠠᠷ ᠭᠤᠶᠤᠴᠢᠯᠠᠵᠤ᠂ ᠰᠦᠯᠵᠢᠶᠡᠨ ᠤ ᠠᠵᠢᠯᠲᠠᠨ ᠲᠠᠢ ᠬᠠᠮᠲᠤ ᠪᠠᠷ ᠵᠡᠭᠡᠯᠢ ᠭᠤᠳᠤᠮᠵᠢ ᠪᠠᠷ | ᠠᠶᠢᠯ ᠡᠷᠦᠬᠡ ᠳᠤ ᠣᠷᠣᠵᠤ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠢ ᠬᠡᠷ ᠲᠤᠨᠢ ᠬᠦᠷᠴᠦ | ᠤᠬᠠᠭᠤᠯᠤᠨ ᠤᠭᠰᠠᠷᠠᠭᠤᠯᠬᠤ ᠶᠢᠨ ᠵᠡᠷᠭᠡ ᠳᠤ ᠳᠡᠭᠡᠳᠦ ᠬᠡᠮᠵᠢᠶ᠎ᠡ ᠪᠠᠷ ᠰᠡᠷᠡᠮᠵᠢᠯᠡᠵᠦ᠂ ᠲᠠᠷᠢᠬᠢ ᠲᠣᠯᠣᠭᠠᠶ ᠪᠠᠨ | ᠰᠡᠷᠭᠡᠭ ᠪᠠᠶᠢᠯᠭᠠᠵᠤ᠂ ᠲᠠᠨᠢᠬᠤ ᠦᠭᠡᠶ ᠬᠥᠮᠦᠨ ᠢ ᠠᠮᠠᠷᠬᠠᠨ ᠢᠲᠡᠭᠡᠵᠦ ᠪᠣᠯᠬᠤ ᠦᠭᠡᠶ᠂ ᠪᠠᠭ᠎ᠠ ᠠᠰᠢᠭ ᠲᠤ | ᠰᠢᠨᠤᠵᠤ ᠪᠣᠯᠬᠤ ᠦᠭᠡᠶ᠂ ᠮᠡᠬᠡᠯᠡᠭᠳᠡᠬᠦ ᠠᠴᠠ ᠰᠡᠷᠭᠡᠶᠢᠯᠡᠬᠦ ᠬᠡᠷᠡᠭᠲᠡᠶ ᠭᠡᠵᠦ ᠰᠠᠨᠠᠭᠤᠯᠪᠠ᠃ | ᠲᠣᠰ ᠤᠳᠠᠭᠠᠨ ᠤ ᠮᠡᠬᠡᠯᠡᠯ ᠢ ᠡᠰᠡᠷᠭᠦᠴᠡᠬᠦ APP ᠶᠢᠨ ᠳᠡᠩᠰᠡᠯᠡᠯᠲᠡ ᠶᠢᠨ ᠳᠠᠭᠢᠵᠤ ᠬᠦᠴᠦᠯᠡᠬᠦ | ᠠᠵᠢᠯᠯᠠᠭ᠎ᠠ ᠪᠠᠷ ᠳᠠᠮᠵᠢᠭᠤᠯᠤᠨ᠂ ᠵᠢᠨᠱᠠᠨ ᠪᠠᠯᠭᠠᠰᠤᠨ ᠤ ᠬᠢᠨ ᠰᠠᠭᠤᠭᠠᠯᠢ ᠠᠷᠠᠳ ᠤᠨ ᠴᠠᠬᠢᠯᠭᠠᠨ ᠬᠤᠯᠪᠣᠭ᠎ᠠ ᠪᠠᠷ | ᠮᠡᠬᠡᠯᠡᠬᠦ ᠶᠢ ᠬᠤᠷᠢᠭᠯᠠᠬᠤ ︽ ᠢᠮᠦᠨ ᠴᠢᠳᠠᠯ︾ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ | ᠰᠠᠭᠤᠭᠠᠯᠢ ᠠᠷᠠᠳ ᠤᠨ ᠳᠡᠷᠭᠡᠳᠡᠬᠢ ᠲᠥᠷᠥᠯ ᠰᠠᠳᠤᠨ ᠨᠠᠶᠢᠵᠠ ᠨᠥᠬᠦᠳ ᠲᠡᠭᠡᠨ ᠮᠡᠬᠡᠯᠡᠯ ᠢ ᠡᠰᠡᠷᠭᠦᠴᠡᠬᠦ APP ᠶᠢ | ᠪᠠᠭᠤᠯᠭᠠᠵᠤ ᠤᠭᠰᠠᠷᠠᠬᠤ ᠶᠢ ᠰᠠᠨᠠᠭᠠᠴᠢᠯᠠᠨ᠂ ᠬᠤᠪᠢ ᠬᠥᠮᠦᠨ ᠢᠶᠠᠷ ᠬᠡᠷ ᠪᠦᠯᠢ ᠶᠢ ᠳᠠᠶᠢᠴᠢᠯᠠᠬᠤ᠂ ᠬᠡᠷ ᠪᠦᠯᠢ ᠪᠠᠷ | ᠨᠡᠶᠢᠭᠡᠮ ᠢ ᠳᠠᠶᠢᠴᠢᠯᠠᠬᠤ ᠵᠠᠭᠪᠤᠷ ᠢ ᠪᠣᠶ ᠪᠣᠯᠭᠠᠵᠤ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠮᠡᠬᠡᠯᠡᠯ ᠢ ᠲᠠᠨᠢᠬᠤ | ᠂ ᠮᠡᠬᠡᠯᠡᠯ ᠢ ᠰᠡᠷᠭᠡᠶᠢᠯᠡᠬᠦ ᠤᠬᠠᠮᠰᠠᠷ ᠪᠠ ᠴᠢᠳᠠᠪᠤᠷᠢ ᠶᠢ ᠴᠢᠩᠭᠠᠷᠠᠭᠤᠯᠤᠨ᠂ ᠠᠷᠠᠳ ᠨᠡᠶᠢᠲᠡ ᠪᠠᠷ ᠢᠶᠠᠨ ᠮᠡᠬᠡᠯᠡᠯ ᠢ | ᠡᠰᠡᠷᠭᠦᠴᠡᠬᠦ ᠬᠠᠯᠠᠭᠤᠨ ᠥᠷᠨᠢᠯᠲᠡ ᠶᠢ ᠪᠣᠶ ᠪᠣᠯᠭᠠᠵᠠᠶ᠃ | |