ᠮᠡᠢᠷᠡᠨ ᠪᠠᠯᠭᠠᠰᠤ᠄ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠮᠡᠬᠡᠯᠡᠯ ᠢ ᠡᠰᠡᠷᠭᠦᠴᠡᠬᠦ APP ᠶᠢᠨ ᠳᠡᠯᠭᠡᠷᠡᠭᠦᠯᠦᠯᠲᠡ ᠶᠢᠨ ᠡᠯᠴᠢᠨ ᠰᠠᠶᠢᠳ ᠪᠣᠯᠵᠣ ᠬᠤᠪᠢᠷᠠᠪᠠ
ᠨᠡᠶᠢᠲᠡᠯᠡᠭᠰᠡᠨ ᠴᠠᠭ᠄
2022/7/14
ᠮᠡᠢᠷᠡᠨ ᠪᠠᠯᠭᠠᠰᠤ᠄ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠮᠡᠬᠡᠯᠡᠯ ᠢ ᠡᠰᠡᠷᠭᠦᠴᠡᠬᠦ APP ᠶᠢᠨ ᠳᠡᠯᠭᠡᠷᠡᠭᠦᠯᠦᠯᠲᠡ ᠶᠢᠨ ᠡᠯᠴᠢᠨ ᠰᠠᠶᠢᠳ ᠪᠣᠯᠵᠣ ᠬᠤᠪᠢᠷᠠᠪᠠ    ᠮᠡᠬᠡᠯᠡᠯ ᠢ ᠡᠰᠡᠷᠭᠦᠴᠡᠬᠦ APP ᠶᠢ ᠤᠭᠰᠠᠷᠠᠵᠤ ᠬᠡᠷᠡᠭᠯᠡᠬᠦ ᠠᠵᠢᠯ ᠢ ᠭᠦᠨᠵᠡᠭᠡᠶ ᠠᠬᠢᠭᠤᠯᠬᠤ ᠶᠢᠨ ᠲᠥᠯᠥᠭᠡ᠂ ᠴᠠᠬᠢᠯᠭᠠᠨ ᠬᠤᠯᠪᠣᠭ᠎ᠠ ᠰᠦᠯᠵᠢᠶ᠎ᠡ ᠪᠠᠷ ᠮᠡᠬᠡᠯᠡᠬᠦ ᠶᠠᠯᠠᠲᠤ ᠠᠵᠢᠯᠯᠠᠭ᠎ᠠ ᠳᠤ ᠤᠯᠠᠮ ᠨᠢᠭᠡ ᠠᠯᠬᠤᠮ ᠴᠣᠬᠢᠯᠲᠠ ᠥᠭᠴᠦ ᠴᠡᠭᠴᠡᠯᠡᠨ ᠵᠠᠰᠠᠵᠤ᠂ ᠮᠡᠢᠷᠡᠨ ᠪᠠᠯᠭᠠᠰᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠳᠡᠯᠭᠡᠷᠡᠭᠦᠯᠦᠨ ᠬᠡᠷᠡᠭᠯᠡᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠶ᠋ᠯᠡᠳᠦᠯᠭᠡ ︵ᠭᠠᠵᠠᠷ︶ ᠥᠷᠲᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ᠂ ᠨᠠᠮ ᠤᠨ ᠭᠡᠰᠢᠭᠦᠨ᠂ ᠤᠶᠤᠲᠠᠳ ᠤᠨ ᠰᠠᠶᠢᠨ ᠳᠤᠷ᠎ᠠ ᠶᠢᠨ ᠠᠵᠢᠯᠯᠠᠭᠴᠢ ᠮᠡᠬᠡᠯᠡᠨ ᠬᠢᠬᠠᠬᠤ ᠶᠢ ᠡᠰᠡᠷᠭᠦᠴᠡᠬᠦ APP ᠳᠡᠯᠭᠡᠷᠡᠭᠦᠯᠬᠦ ᠡᠯᠴᠢᠨ ᠰᠠᠶᠢᠳ ᠪᠣᠯᠵᠣ᠂ ᠠᠶᠢᠯ ᠡᠷᠦᠬᠡ ᠪᠠᠷ ᠬᠦᠷᠴᠦ ᠮᠡᠬᠡᠯᠡᠨ ᠬᠢᠬᠠᠬᠤ ᠶᠢ ᠡᠰᠡᠷᠭᠦᠴᠡᠬᠦ ᠤᠬᠠᠭᠤᠯᠭ᠎ᠠ ᠬᠢᠵᠦ᠂ ᠲᠣᠰᠬᠤᠨ ᠤ ᠠᠷᠠᠳ ᠢ ᠳᠠᠶᠢᠴᠢᠯᠠᠨ ︽ᠤᠯᠤᠰ ᠤᠨ ᠮᠡᠬᠡᠯᠡᠨ ᠬᠢᠬᠠᠬᠤ ᠶᠢ ᠡᠰᠡᠷᠭᠦᠴᠡᠬᠦ ᠲᠥᠪ︾ ᠤᠨ APP ᠶᠢ ᠤᠭᠰᠠᠷᠠᠭᠤᠯᠵᠤ᠂ ᠣᠯᠠᠨ ᠲᠦᠮᠡᠨ ᠤ ᠮᠡᠬᠡᠯᠡᠭᠳᠡᠬᠦ ᠡᠴᠡ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠦᠨ᠂ ᠪᠥᠬᠦ ᠠᠷᠠᠳ ᠢᠶᠠᠷ ᠢᠶᠠᠨ ᠮᠡᠬᠡᠯᠡᠨ ᠬᠢᠬᠠᠬᠤ ᠶᠢ ᠰᠡᠷᠭᠡᠶᠢᠯᠡᠬᠦ᠂ ᠮᠡᠬᠡᠯᠡᠨ ᠬᠢᠬᠠᠬᠤ ᠶᠢ ᠡᠰᠡᠷᠭᠦᠴᠡᠬᠦ ᠭᠦᠨ ᠵᠤᠵᠠᠭᠠᠨ ᠠᠭᠤᠷ ᠠᠮᠢᠰᠬᠤᠯ ᠢ ᠦᠨᠡᠨ ᠬᠦ ᠪᠣᠶ ᠪᠣᠯᠭᠠᠵᠤ᠂ ᠪᠥᠬᠦ ᠪᠠᠯᠭᠠᠰᠤ ᠪᠠᠷ ᠢᠶᠠᠨ ︽ᠮᠡᠬᠡᠯᠡᠨ ᠬᠢᠬᠠᠬᠤ ᠶᠢ ᠡᠰᠡᠷᠭᠦᠴᠡᠬᠦ︾ ᠠᠵᠢᠯ ᠤᠨ ᠰᠢᠨ᠎ᠡ ᠥᠷᠨᠢᠯᠲᠡ ᠶᠢ ᠳᠠᠬᠢᠨᠲᠠ ᠪᠣᠶ ᠪᠣᠯᠭᠠᠪᠠ᠃    ᠠᠵᠢᠯᠯᠠᠭ᠎ᠠ ᠶᠢᠨ ᠳᠤᠮᠳᠠ᠂ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ᠂ ᠰᠠᠶᠢᠨ ᠳᠤᠷ᠎ᠠ ᠶᠢᠨ ᠠᠵᠢᠯᠯᠠᠭᠴᠢ ᠬᠠᠤᠯᠢ ᠴᠠᠭᠠᠵᠠ ᠶᠢ ᠲᠠᠶᠢᠯᠪᠤᠷᠢᠯᠠᠵᠤ᠂ ᠣᠯᠠᠨ ᠲᠦᠮᠡᠨ ᠳᠤ ᠰᠦᠯᠵᠢᠶᠡᠨ ᠤ ᠵᠢᠭᠡᠯᠡᠯᠭᠡ ᠶᠢᠨ ᠵᠣᠭᠤᠰ ᠢ ᠲᠠᠨᠢᠯᠴᠠᠭᠤᠯᠵᠤ᠂ ︽ᠪᠡᠶ᠎ᠡ ᠬᠡᠮ︾ ᠢ ᠬᠠᠭᠤᠷᠮᠠᠭᠯᠠᠨ ᠬᠡᠷᠡᠭᠯᠡᠬᠦ ᠵᠡᠷᠭᠡ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠰᠢᠨ᠎ᠡ ᠠᠷᠭ᠎ᠠ ᠬᠡᠯᠪᠡᠷᠢ ᠨᠢ ᠣᠯᠠᠨ ᠲᠦᠮᠡᠨ ᠳᠤ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠣᠯᠠᠨ ᠶᠠᠩᠵᠤᠲᠤ ᠴᠢᠨᠠᠷ ᠪᠠ ᠳᠠᠯᠳᠠ ᠴᠢᠨᠠᠷ ᠢ ᠰᠠᠨᠠᠭᠤᠯᠵᠤ ᠪᠠᠶᠢᠨ᠎ᠠ᠃ ᠡᠭᠦᠨ ᠤ ᠬᠠᠮᠲᠤ ᠣᠯᠠᠨ ᠲᠦᠮᠡᠨ ᠳᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢ ᠬᠡᠷᠬᠢᠨ ᠪᠠᠭᠤᠯᠭᠠᠨ ᠠᠪᠴᠤ ᠬᠡᠷᠡᠭᠯᠡᠬᠦ ᠲᠤᠬᠠᠶ ᠨᠢᠭᠤᠷᠲᠠᠨ ᠶᠠᠷᠢᠵᠤ᠂ ᠣᠳᠣᠬᠠᠨ ᠤ ᠮᠡᠬᠡᠯᠡᠯ ᠤᠨ ᠰᠢᠨ᠎ᠡ ᠬᠡᠯᠪᠡᠷᠢ ᠶᠢᠨ ᠠᠷᠭ᠎ᠠ ᠬᠡᠯᠪᠡᠷᠢ ᠵᠢᠴᠢ ᠬᠡᠷᠡᠭ ᠬᠢᠬᠦ ᠠᠷᠭ᠎ᠠ ᠪᠠᠷᠢᠯ ᠵᠡᠷᠭᠡ ᠠᠭᠤᠯᠭ᠎ᠠ ᠶᠢ ᠤᠬᠠᠭᠤᠯᠵᠤ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠮᠡᠢᠷᠡᠨ ᠪᠠᠯᠭᠠᠰᠤ ᠦᠷᠭᠦᠯᠵᠢᠯᠡᠨ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠡᠷᠦᠬᠡ ᠳᠤ ᠤᠷᠤᠵᠤ ︽ᠤᠯᠤᠰ ᠤᠨ ᠮᠡᠬᠡᠯᠡᠯ ᠢ ᠡᠰᠡᠷᠭᠦᠴᠡᠬᠦ ᠲᠥᠪ︾ ᠤᠨ APP ᠶᠢᠨ ᠤᠬᠠᠭᠤᠯᠤᠨ ᠳᠡᠯᠭᠡᠷᠡᠭᠦᠯᠬᠦ ᠠᠵᠢᠯ ᠢ ᠥᠷᠨᠢᠭᠦᠯᠦᠨ᠎ᠡ᠃ ᠠᠷᠠᠳ ᠢᠷᠭᠡᠳ ᠤᠨ ᠮᠡᠬᠡᠯᠡᠬᠦ ᠶᠢ ᠲᠠᠨᠢᠵᠤ ᠮᠡᠬᠡᠯᠡᠬᠦ ᠶᠢ ᠰᠡᠷᠭᠡᠶᠢᠯᠡᠬᠦ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ ᠂ ᠠᠷᠠᠳ ᠢᠷᠭᠡᠳ ᠤᠨ ︽ᠵᠣᠭᠤᠰᠣᠨ ᠤᠭᠤᠲᠠ︾ ᠶᠢ ᠴᠢᠩᠭ᠎ᠠ ᠠᠳᠬᠠᠵᠤ ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠤᠨ ᠣᠯᠠᠨ ᠡᠭᠦᠰᠬᠦ ᠪᠠᠶᠢᠳᠠᠯ ᠢ ᠡᠷᠡᠰ ᠬᠤᠷᠢᠭᠯᠠᠨ᠂ ᠠᠷᠠᠳ ᠣᠯᠠᠨ ᠤ ᠡᠳ᠋ ᠬᠥᠷᠥᠩᠭᠡ ᠶᠢᠨ ᠠᠮᠤᠷ ᠲᠦᠪᠰᠢᠨ ᠪᠠ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠣᠯᠠᠨ ᠲᠦᠮᠡᠨ ᠤ ᠡᠳ᠋ ᠬᠥᠷᠥᠩᠭᠡ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠬᠡᠷᠡᠮ ᠢ ᠴᠣᠭᠴᠠᠯᠠᠨ᠂ ᠦᠵᠡᠯ ᠰᠠᠨᠠᠭᠠᠨ ᠤ ᠲᠠᠯ᠎ᠠ ᠪᠠᠷ ᠰᠣᠨᠣᠷ ᠰᠡᠷᠡᠮᠵᠢ ᠪᠠᠨ ᠳᠡᠭᠡᠭᠰᠢᠯᠡᠭᠦᠯᠵᠦ᠂ ᠦᠢᠯᠡ ᠠᠵᠢᠯᠯᠠᠭᠠᠨ ᠤ ᠲᠠᠯ᠎ᠠ ᠪᠠᠷ ᠤᠷᠢᠳᠴᠢᠯᠠᠨ ᠰᠡᠷᠭᠡᠶᠢᠯᠡᠵᠦ᠂ ᠡᠶ᠎ᠡ ᠵᠣᠬᠢᠴᠠᠯ ᠲᠠᠢ ᠰᠢᠨ᠎ᠡ ᠮᠠᠶᠢᠷᠠᠨ ᠢ ᠬᠠᠮᠲᠤ ᠪᠠᠷ ᠴᠣᠭᠴᠠᠯᠠᠨ ᠪᠠᠶᠢᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号