ᠨᠠᠨ ᠲᠠᠢᠽᠢ ᠰᠢᠶᠠᠩ ᠳ᠋ᠠ ᠭᠧᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠢᠪᠡ
ᠨᠡᠶᠢᠲᠡᠯᠡᠭᠰᠡᠨ ᠴᠠᠭ᠄
2022/7/15
ᠨᠠᠨ ᠲᠠᠢᠽᠢ ᠰᠢᠶᠠᠩ ᠳ᠋ᠠ ᠭᠧᠤ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠢᠪᠡ   7 ᠰᠠᠷ᠎ᠠ ᠶᠢᠨ 14 ᠤ ᠡᠳᠦᠷ ᠤᠨ ᠦᠳᠡ ᠶᠢᠨ ᠡᠮᠦᠨᠡᠬᠢ 10 ᠴᠠᠭ ᠲᠤ ᠬᠠᠷᠠᠴᠢᠨ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ᠂ ᠴᠠᠭ ᠠᠭᠤᠷ ᠤᠨ ᠲᠣᠪᠴᠢᠶ᠎ᠠ᠂ ᠨᠠᠨ ᠲᠠᠢᠽᠢ ᠰᠢᠶᠠᠩ ᠤᠨ ᠠᠷᠠᠳ ᠤᠨ ᠵᠠᠰᠠᠭ ᠤᠨ ᠣᠷᠳᠣᠨ ᠬᠠᠮᠲᠤᠷᠠᠨ ᠳ᠋ᠠ ᠭᠸᠦ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠬᠢᠵᠡᠶ᠃ ᠲᠣᠭᠤᠷᠢᠨ ᠪᠠᠶᠢᠴᠠᠭᠠᠭᠴᠢ ᠶᠢᠨ ᠮᠡᠳᠡᠭᠦᠯᠦᠯᠲᠡ ᠶᠢ ᠣᠯᠤᠭᠰᠠᠨ ᠤ ᠲᠠᠷᠠᠭ᠎ᠠ᠂ ᠶᠡᠷᠦᠩᠬᠡᠶ ᠵᠢᠯᠤᠭᠤᠳᠤᠬᠴᠢ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠵᠠᠷᠯᠢᠭ ᠪᠠᠭᠤᠯᠭᠠᠨ᠎ᠠ ᠃ ᠲᠠᠷᠠᠭ᠎ᠠ ᠨᠢ ᠠᠶᠤᠯ ᠠᠴᠠ ᠠᠪᠤᠷᠠᠨ ᠲᠤᠰᠠᠯᠠᠬᠤ ᠳᠤᠭᠤᠶᠢᠯᠠᠩ᠂ ᠡᠮ ᠡᠮᠨᠡᠯᠭᠡ ᠶᠢᠨ ᠠᠪᠤᠷᠠᠨ ᠲᠤᠰᠠᠯᠠᠬᠤ ᠳᠤᠭᠤᠶᠢᠯᠠᠩ᠂ ᠠᠷᠤ ᠲᠠᠯ᠎ᠠ ᠶᠢᠨ ᠦᠢᠯᠡᠴᠢᠯᠡᠭᠡᠨ ᠤ ᠪᠠᠲᠤᠯᠠᠪᠤᠷᠢ ᠶᠢᠨ ᠳᠤᠭᠤᠶᠢᠯᠠᠩ᠂ ᠰᠢᠯᠵᠢᠭᠦᠯᠦᠨ ᠲᠥᠪᠬᠢᠨᠡᠭᠦᠯᠬᠦ ᠳᠤᠭᠤᠶᠢᠯᠠᠩ᠂ ᠮᠡᠳᠡᠭᠡ ᠵᠠᠩᠭᠢ ᠶᠢᠨ ᠳᠤᠭᠤᠶᠢᠯᠠᠩ ᠵᠡᠷᠭᠡ ᠠᠵᠢᠯ ᠤᠨ ᠳᠤᠭᠤᠶᠢᠯᠠᠩ ᠤᠨ ᠬᠥᠮᠦᠰ ᠲᠤᠬᠠᠢ ᠶᠢᠨ ᠲᠠᠯᠠᠪᠠᠢ ᠳᠤ ᠴᠤᠭᠯᠠᠷᠠᠪᠠ᠃    ᠶᠡᠷᠦᠩᠬᠡᠢ ᠵᠢᠯᠤᠭᠤᠳᠤᠬᠴᠢ ᠶᠢᠨ ᠵᠠᠷᠯᠢᠭ ᠪᠠᠭᠤᠬᠤ ᠶᠢ ᠲᠠᠭᠠᠯᠳᠤᠨ᠂ ᠤᠰᠤᠨ ᠴᠥᠭᠦᠷᠥᠮ ᠤᠨ ᠦᠶᠡᠷ ᠢ ᠰᠡᠷᠭᠡᠶᠢᠯᠡᠵᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠰᠣᠷᠢᠯᠲᠠ ᠵᠢᠩᠬᠢᠨᠢ ᠪᠠᠷ ᠡᠬᠢᠯᠡᠪᠡ᠃ ᠡᠯ᠎ᠡ ᠠᠵᠢᠯ ᠤᠨ ᠳᠤᠭᠤᠶᠢᠯᠠᠩ ᠤᠨ ᠬᠢᠨ ᠲᠡᠰ ᠳᠠᠷᠠᠭᠠᠯᠠᠯ᠂ ᠠᠵᠢᠯ ᠤᠨ ᠬᠤᠪᠢᠶᠠᠷᠢᠯᠠᠯ ᠲᠣᠳᠣᠷᠬᠠᠢ᠂ ᠬᠤᠯᠪᠣᠭᠠᠯᠠᠨ ᠬᠥᠳᠡᠯᠦᠯᠴᠡᠵᠦ ᠵᠣᠯᠭᠠᠯᠴᠠᠬᠤ ᠪᠠᠷ ᠨᠢᠭᠲᠠ ᠪᠠᠶᠢᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠲᠦᠷᠭᠡᠨ ᠪᠥᠭᠡᠳ ᠡᠮᠬᠢ ᠵᠢᠷᠤᠮ ᠲᠠᠢ ᠪᠠᠷ ᠥᠷᠨᠢᠭᠦᠯᠵᠦ᠂ ᠰᠣᠷᠢᠯᠲᠠ ᠨᠢ ᠵᠢᠱᠢᠭᠰᠡᠨ ᠦᠷ᠎ᠡ ᠪᠦᠲᠦᠮᠵᠢ ᠳᠤ ᠬᠦᠷᠴᠦ᠂ ᠲᠡᠭᠦᠰ ᠠᠮᠵᠢᠯᠲᠠ ᠤᠯᠪᠠ᠃    ᠲᠤᠰ ᠤᠳᠠᠭᠠᠨ ᠤ ᠰᠣᠷᠢᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠨᠠᠨ ᠲᠠᠢᠽᠢ ᠰᠢᠶᠠᠩ ᠤᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠠᠪᠤᠷᠠᠨ ᠲᠤᠰᠠᠯᠠᠬᠤ ᠴᠢᠳᠠᠪᠤᠷᠢ ᠪᠣᠯᠤᠨ ᠪᠣᠳᠠᠲᠠᠶ ᠪᠠᠶᠢᠯᠳᠤᠬᠤ ᠴᠢᠳᠠᠪᠤᠷᠢ ᠶᠢ ᠪᠦᠬᠦ ᠲᠠᠯ᠎ᠠ ᠪᠠᠷ ᠰᠢᠯᠭᠠᠨ ᠪᠠᠶᠢᠴᠠᠭᠠᠵᠤ᠂ ᠵᠢᠴᠢ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠤᠨ ᠵᠣᠬᠢᠶᠠᠨ ᠪᠠᠶᠢᠭᠤᠯᠵᠤ ᠵᠣᠬᠢᠴᠠᠭᠤᠯᠬᠤ ᠴᠢᠳᠠᠪᠤᠷᠢ ᠪᠣᠯᠤᠨ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠰᠢᠢᠳᠪᠦᠷᠢᠯᠡᠬᠦ ᠴᠢᠳᠠᠪᠤᠷᠢ ᠨᠢ ᠦᠶᠡᠷ ᠢ ᠰᠡᠷᠭᠡᠶᠢᠯᠡᠬᠦ ᠬᠥᠮᠦᠰ ᠤᠨ ᠦᠶᠡᠷ ᠤᠨ ᠪᠠᠶᠢᠳᠠᠯ ᠢ ᠠᠷᠭᠠᠴᠠᠬᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠨᠠᠨ ᠲᠠᠢᠽᠢ ᠰᠢᠶᠠᠩ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠠᠮᠤᠷ ᠲᠦᠪᠰᠢᠨ ᠣᠷᠴᠢᠨ ᠲᠣᠭᠤᠷᠢᠨ ᠢ ᠡᠭᠦᠳᠴᠦ᠂ ᠨᠠᠶᠢᠳᠠᠪᠤᠷᠢᠲᠠᠢ ᠪᠠᠲᠤᠯᠠᠭ᠎ᠠ ᠬᠠᠩᠭᠠᠵᠤ᠂ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号