ᠮᠠ ᠠᠨ ᠱᠠᠨ ᠤ ᠰᠣᠶᠣᠯ ᠵᠤᠭᠠᠴᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ
ᠨᠡᠶᠢᠲᠡᠯᠡᠭᠰᠡᠨ ᠴᠠᠭ᠄
2022/7/15
ᠮᠠ ᠠᠨ ᠱᠠᠨ ᠤ ᠰᠣᠶᠣᠯ ᠵᠤᠭᠠᠴᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠠᠵᠢᠯ ᠡᠬᠢᠯᠡᠬᠦ ᠶᠣᠰᠣᠯᠠᠯ ᠶᠠᠪᠤᠭᠳᠠᠪᠠ    7 ᠰᠠᠷ᠎ᠠ ᠶᠢᠨ 15 ᠤ ᠡᠳᠦᠷ ᠤᠨ ᠦᠳᠡ ᠶᠢᠨ ᠡᠮᠦᠨ᠎ᠡ᠂ ᠮᠠ ᠠᠨ ᠱᠠᠨ ᠤ ᠰᠣᠶᠣᠯ ᠵᠢᠭᠤᠯᠴᠢᠯᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠠᠵᠢᠯ ᠡᠬᠢᠯᠡᠬᠦ ᠶᠣᠰᠣᠯᠠᠯ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠳᠤ ᠶᠠᠪᠤᠭᠳᠠᠵᠤ᠂ ᠬᠤᠲᠠ ᠶᠢᠨ ᠤᠳᠤᠷᠢᠳᠤᠯᠭ᠎ᠠ ᠮᠦᠩᠬᠡᠪᠠᠭᠠᠲᠤᠷ᠂ ᠮᠦᠩᠬᠡᠳᠠᠯᠠᠢ᠂ ᠭᠦᠸᠧ ᠰᠢ᠂ ᠬᠠᠨ ᠶᠦᠩ᠂ ᠬᠤᠰᠢᠭᠤᠨ ᠤ ᠤᠳᠤᠷᠢᠳᠤᠯᠭ᠎ᠠ ᠹᠠᠩ ᠷᠦᠢ᠂ ᠮᠠ ᠵᠢᠩ ᠬᠤᠸᠠ᠂ ᠵᠠᠩ ᠬᠤᠸᠠ ᠵᠢᠴᠢ ᠬᠡᠷ ᠲᠡᠭᠡᠨ ᠪᠠᠶᠢᠭ᠎ᠠ ᠬᠤᠰᠢᠭᠤᠨ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠬᠤᠷᠠᠯ ᠡᠷᠭᠢᠯᠠᠪᠠ᠃    ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠠᠶᠠᠷ ᠤᠨ ᠦᠭᠡ ᠬᠡᠯᠡᠬᠦ ᠳᠡᠭᠡᠨ᠂ 2019 ᠣᠨ ᠤ 7 ᠰᠠᠷ᠎ᠠ ᠶᠢᠨ 15 ᠤ ᠡᠳᠦᠷ ᠪᠣᠯ ᠬᠠᠷᠠᠴᠢᠨ ᠬᠤᠰᠢᠭᠤᠨ ᠤ ᠬᠥᠭᠵᠢᠯᠲᠡ ᠶᠢᠨ ᠲᠡᠤᠬᠡᠨ ᠳᠡᠭᠡᠷᠡᠬᠢ ᠪᠡᠯᠭᠡ ᠲᠡᠮᠳᠡᠭ ᠤᠨ ᠠᠴᠢ ᠬᠤᠯᠪᠣᠭᠳᠠᠯ ᠲᠠᠢ ᠨᠢᠭᠡᠨ ᠡᠳᠦᠷ ᠪᠣᠯᠤᠨ᠎ᠠ᠂ ᠶᠡᠷᠦᠩᠬᠡᠶ ᠱᠦᠵᠢ ᠰᠢ ᠶᠢᠨ ᠫᠢᠩ ᠪᠡᠶ᠎ᠡ ᠪᠠᠷ ᠢᠶᠠᠨ ᠮᠠ ᠠᠨ ᠱᠠᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠠ᠃ ᠭᠤᠷᠪᠠᠨ ᠵᠢᠯ ᠤᠨ ᠲᠤᠷᠰᠢ᠂ ᠪᠢᠳᠡ ︽ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ︾ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠢᠮᠠᠭᠲᠠ ᠪᠠᠷᠢᠮᠲᠠᠯᠠᠵᠤ᠂ ᠦᠵᠡᠯ ᠰᠠᠨᠠᠭ᠎ᠠ ᠪᠠᠨ ᠴᠢᠯᠥᠭᠡᠯᠡᠨ᠂ ᠲᠥᠪ ᠭᠤᠤᠯᠴᠢ ᠪᠠᠷ ᠰᠢᠨ᠎ᠡ ᠶᠢ ᠡᠭᠦᠳᠴᠦ᠂ ︽ᠠᠵᠤ ᠦᠢᠯᠡᠰ ᠢ ᠠᠳᠬᠤᠬᠤ᠂ ᠲᠠᠪᠴᠠᠩ ᠪᠠᠶᠢᠭᠤᠯᠬᠤ᠂ ᠪᠠᠯᠠ ᠣᠷᠣᠭᠤᠯᠤᠯᠲᠠ ᠶᠢ ᠠᠬᠢᠭᠤᠯᠬᠤ᠂ ᠣᠷᠴᠢᠨ ᠠᠬᠤᠶ ᠶᠢ ᠰᠢᠯᠢᠳᠡᠭᠵᠢᠭᠦᠯᠬᠦ︾ ᠬᠥᠭᠵᠢᠯᠲᠡ ᠶᠢᠨ ᠰᠡᠳᠬᠢᠴᠡ ᠪᠠᠷ ᠭᠤᠤᠯᠯᠠᠭᠤᠯᠤᠨ᠂ ᠠᠵᠤ ᠠᠬᠤᠶ ᠨᠡᠶᠢᠭᠡᠮ ᠤᠨ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠵᠤ᠂ ᠰᠠᠶᠢᠰᠢᠶᠠᠭᠤᠰᠢᠲᠠᠶ ᠦᠷ᠎ᠡ ᠪᠦᠲᠦᠮᠵᠢ ᠣᠯᠵᠠᠶ᠃ ᠭᠤᠤᠯᠯᠠᠬᠤ ᠠᠵᠤ ᠦᠢᠯᠡᠰ ᠢ ᠪᠤᠵᠠᠭᠠᠶᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠲᠠᠳ ᠮᠣᠩᠭᠤᠯ ᠡᠮ ᠤᠨ ᠮᠠᠲ᠋ᠧᠷᠢᠶᠠᠯ᠂ ᠠᠯᠠᠰᠢᠨ ᠦᠬᠡᠷ᠂ ᠮᠢᠬᠠᠨ ᠨᠤᠭᠤᠰᠤ᠂ ᠪᠡᠯᠡᠳᠭᠡᠮᠵᠢᠳᠤ ᠢᠳᠡᠰᠢᠨ ᠨᠣᠭᠤᠭ᠎ᠠ ᠵᠡᠷᠭᠡ 4 ᠲᠠᠷᠢᠶᠠᠯᠠᠩ ᠤᠨ ᠭᠤᠤᠯᠯᠠᠬᠤ ᠠᠵᠤ  ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠵᠦ᠂ ᠵᠡᠰ ᠬᠦᠴᠢᠯ ᠪᠣᠯᠪᠠᠰᠤᠷᠠᠭᠤᠯᠬᠤ᠂ ᠰᠢᠨ᠎ᠡ ᠮᠠᠲ᠋ᠧᠷᠢᠶᠠᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ 3 ᠠᠵᠤ ᠦᠢᠯᠡᠳᠪᠦᠷᠢ ᠶᠢᠨ ᠭᠤᠤᠯᠯᠠᠬᠤ ᠠᠵᠤ ᠦᠢᠯᠡᠰ ᠤᠨ ᠶᠠᠰᠤ ᠴᠢᠨᠠᠷ ᠤᠨ ᠦᠰᠦᠷᠦᠯᠲᠡ ᠶᠢ ᠪᠡᠶᠡᠯᠡᠭᠦᠯᠵᠦ᠂ ᠰᠣᠶᠣᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡ ᠵᠡᠷᠭᠡ 2 ᠦᠢᠯᠡᠴᠢᠯᠡᠭᠡᠨ ᠤ ᠦᠢᠯᠡᠰ ᠤᠨ ᠭᠤᠤᠯᠯᠠᠬᠤ ᠠᠵᠤ ᠦᠢᠯᠡᠰ ᠥᠷᠨᠢᠩᠭᠦᠶ ᠬᠥᠭᠵᠢᠵᠦ᠂ ᠣᠶ ᠰᠢᠭᠤᠶ ᠶᠢᠨ ᠠᠵᠤ ᠠᠬᠤᠶ ᠶᠢᠨ ᠳᠠᠪᠠᠭᠤᠯᠢᠭ ᠠᠵᠤ ᠦᠢᠯᠡᠰ ᠤᠨ ᠰᠢᠨ᠎ᠡ ᠬᠦᠴᠦᠨ ᠴᠣᠯᠭᠤᠷᠠᠨ ᠭᠠᠷᠪᠠ᠃    ᠲᠠᠪᠴᠠᠩ ᠤᠨ ᠠᠴᠢᠶᠠᠯᠠᠪᠤᠷᠢ ᠶᠢ ᠪᠠᠶᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠲᠦᠮᠵᠢᠲᠡᠢ ᠪᠡᠯᠡ ᠣᠷᠣᠭᠤᠯᠤᠯᠲᠠ ᠶᠢ ᠠᠬᠢᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠴᠢᠩᠭ᠎ᠠ ᠠᠳᠬᠤᠨ᠎ᠠ︔ ᠬᠥᠭᠵᠢᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ᠂ ᠠᠵᠤ ᠦᠢᠯᠡᠳᠪᠦᠷᠢ ᠂ ᠰᠣᠶᠣᠯ ᠵᠢᠭᠤᠯᠴᠢᠯᠠᠯ ᠵᠡᠷᠭᠡ ᠠᠯᠢ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠵᠦ᠂ ᠨᠢᠭᠡ ᠪᠦᠯᠦᠭ ᠲᠣᠮᠣ ᠲᠥᠷᠥᠯ ᠵᠦᠢᠯ᠂ ᠰᠠᠶᠢᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠢ ᠬᠤᠷᠠᠮᠳᠤᠭᠤᠯᠪᠠ︔ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠭᠠᠨ ᠬᠥᠮᠦᠵᠢᠯ᠂ ᠡᠮ ᠡᠮᠨᠡᠯᠭᠡ ᠵᠡᠷᠭᠡ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃    ᠹᠠᠩ ᠷᠦᠢ᠂ ᠪᠢᠳᠡ ᠶᠡᠷᠦᠩᠬᠡᠢ ᠱᠦᠵᠢ ᠶᠢᠨ ᠨᠠᠶᠢᠳᠠᠯᠭ᠎ᠠ ᠶᠢ ᠢᠮᠠᠭᠲᠠ ᠪᠠᠲᠤ ᠴᠡᠭᠡᠵᠢᠯᠡᠵᠦ᠂ ᠠᠮᠢ ᠠᠬᠤᠢ ᠶᠢ ᠠᠳᠬᠤᠬᠤ᠂ ᠠᠵᠤ ᠦᠢᠯᠡᠰ ᠢ ᠬᠦᠴᠦᠷᠬᠡᠭᠵᠢᠭᠦᠯᠬᠦ᠂ ᠵᠣᠬᠢᠶᠠᠨ ᠪᠠᠶᠢᠭᠤᠯᠤᠯᠲᠠ ᠶᠢ ᠪᠠᠶᠢᠭᠤᠯᠬᠤ᠂ ᠬᠥᠭᠵᠢᠯ ᠮᠠᠨᠳᠤᠯ ᠢ ᠠᠬᠢᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠶᠠᠪᠤᠴᠠ ᠳᠤ ᠬᠠᠷᠠᠴᠢᠨ ᠬᠤᠰᠢᠭᠤᠨ ᠤ ᠴᠢᠷᠮᠠᠢᠯᠭ᠎ᠠ ᠪᠠ ᠡᠭᠦᠷᠭᠡᠯᠡᠯ ᠢ ᠢᠯᠡᠷᠡᠭᠦᠯᠦᠨ᠎ᠡ ᠭᠡᠵᠦ ᠵᠢᠭᠠᠵᠤ ᠭᠠᠷᠭᠠᠪᠠ᠃ ᠪᠢᠳᠡ ᠭᠤᠷᠪᠠᠨ ᠠᠵᠤ ᠦᠢᠯᠡᠰ ᠢ ᠬᠠᠮᠤᠷᠤᠭᠰᠠᠨ 9 ᠶᠡᠭᠡ ᠭᠤᠣᠯᠯᠠᠭᠴᠢ ᠠᠵᠤ ᠦᠢᠯᠡᠰ ᠢ ᠦᠷᠭᠦᠯᠵᠢᠯᠡᠨ ᠬᠥᠭᠵᠢᠭᠦᠯᠵᠦ᠂ ︽ᠨᠢᠭᠡ ᠬᠥᠳᠡᠭᠡ ᠠᠵᠤ ᠠᠬᠤᠢ ᠬᠤᠶᠠᠷ ᠠᠭᠤᠰᠤᠯᠴᠠᠯ ᠭᠤᠷᠪᠠᠨ ᠠᠵᠤ ᠦᠢᠯᠡᠳᠪᠦᠷᠢ︾ ᠶᠢᠨ 6 ᠲᠠᠪᠴᠠᠩ ᠤᠨ ᠠᠴᠢᠶᠠᠯᠠᠪᠤᠷᠢ ᠶᠢ ᠬᠦᠴᠦᠯᠡᠨ ᠲᠡᠭᠦᠯᠳᠡᠷᠵᠢᠭᠦᠯᠵᠦ᠂ ᠪᠡᠯᠡ ᠣᠷᠣᠭᠤᠯᠤᠯᠲᠠ ᠶᠢ ᠠᠳᠬᠤᠵᠤ᠂ ᠲᠦᠷᠦᠯ ᠵᠦᠢᠯ ᠢ ᠡᠬᠢᠯᠡᠭᠦᠯᠵᠦ᠂ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠢᠨ᠎ᠡ ᠴᠠᠭ ᠦᠶ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ︕    ᠨᠡᠶᠢᠭᠡᠮ ᠤᠨ ᠬᠥᠷᠥᠩᠭᠡ ᠶᠢᠨ ᠪᠡᠯᠡ ᠣᠷᠣᠭᠤᠯᠤᠯᠲᠠ ᠶᠢᠨ ᠲᠠᠯ᠎ᠠ ᠤᠯᠠᠭᠠᠨᠬᠠᠳᠠ ᠶᠢᠨ ᠬᠤᠩ ᠺᠦᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠵᠧᠨ ᠫᠢᠩ ᠶᠠᠷᠢᠶᠠᠨ ᠳᠠᠭᠠᠨ᠂ ᠲᠤᠰ ᠭᠠᠵᠠᠷ ᠤᠨ ᠠᠵᠤ ᠠᠬᠤᠶᠢᠯᠠᠯ ᠪᠠ ᠨᠡᠶᠢᠭᠡᠮ ᠤᠨ ᠪᠡᠯᠡ ᠣᠷᠣᠭᠤᠯᠤᠭᠴᠢ ᠪᠣᠯᠤᠭᠰᠠᠨ ᠤ ᠬᠤᠪᠢ ᠳᠤ᠂ ᠮᠠ ᠠᠨ ᠱᠠᠨ ᠠᠭᠤᠯᠠ ᠶᠢᠨ ᠦᠵᠡᠮᠵᠢ ᠶᠢᠨ ᠣᠷᠣᠨ ᠢ ᠪᠠᠶᠢᠭᠤᠯᠬᠤ ᠪᠠ ᠪᠦᠭᠦ ᠬᠤᠰᠢᠭᠤᠨ ᠤ ᠰᠣᠶᠣᠯ ᠵᠤᠭᠠᠴᠠᠯ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ᠂ ᠨᠡᠶᠢᠭᠡᠮ ᠤᠨ ᠬᠦᠷᠦᠩᠬᠡ ᠶᠢᠨ ᠵᠠᠬ᠎ᠠ ᠳᠡᠯᠭᠡᠭᠦᠷᠴᠢᠯᠡᠯᠲᠡ᠂ ᠲᠤᠰᠬᠠᠶᠢᠵᠢᠯᠲᠠ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠲᠦᠷᠤᠯ ᠵᠦᠢᠯ ᠤᠨ ᠪᠦᠳᠤᠬᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ᠂ ᠨᠡᠩ ᠤᠯᠠᠨ ᠠᠵᠤ ᠠᠬᠤᠶᠢᠯᠠᠯᠲᠠᠨ ᠢ ᠬᠦᠲᠦᠯᠦᠨ ᠵᠢᠯᠣᠭᠤᠳᠴᠤ ᠪᠠᠶᠢᠭᠠᠳ ᠬᠠᠷᠠᠴᠢᠨ ᠳᠤ ᠠᠩᠬᠠᠷᠤᠯ ᠢᠶᠠᠨ ᠬᠠᠨᠳᠤᠭᠤᠯᠵᠤ᠂ ᠬᠠᠷᠠᠴᠢᠨ ᠳᠤ ᠪᠡᠯᠡ ᠣᠷᠣᠭᠤᠯᠵᠤ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠬᠠᠮᠲᠤᠪᠠᠷ ᠠᠬᠢᠭᠤᠯᠵᠤ᠂ ᠬᠠᠮᠤᠭ ᠤᠨ ᠶᠡᠭᠡ ᠴᠢᠷᠮᠠᠶᠢᠯᠭ᠎ᠠ ᠪᠠᠷ ᠢᠶᠠᠨ ᠨᠡᠶᠢᠭᠡᠮ ᠳᠤ ᠠᠴᠢ ᠬᠠᠷᠢᠭᠤᠯᠬᠤ ᠪᠠᠷ ᠴᠢᠷᠮᠠᠶᠢᠨ᠎ᠠ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠥᠩᠬᠡᠪᠠᠭᠠᠲᠤᠷ ᠮᠠ ᠠᠨ ᠱᠠᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ ᠤᠨ ᠠᠵᠢᠯ ᠡᠬᠢᠯᠡᠭᠰᠡᠨ ᠢ ᠵᠠᠷᠯᠠᠵᠤ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠨᠠᠷ ︽ᠮᠠ ᠠᠨ ᠱᠠᠨ ᠤ ᠰᠣᠶᠣᠯ ᠵᠢᠭᠤᠯᠴᠢᠯᠠᠯ ᠤᠨ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ︾ ᠤᠨ ᠲᠥᠷᠥᠯ ᠵᠦᠢᠯ ᠳᠤ ᠰᠠᠭᠤᠷᠢ ᠲᠠᠯᠪᠢᠪᠠ᠃    ᠳᠠᠷᠠᠭ᠎ᠠ ᠨᠢ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠮᠠ ᠠᠨ ᠱᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠵᠤᠭᠠᠴᠠᠭᠰᠠᠳ ᠢ ᠬᠦᠯᠢᠶᠡᠨ ᠠᠪᠬᠤ ᠲᠥᠪ᠂ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠲᠣᠭᠤᠷᠢᠭ᠂ ᠮᠠ ᠠᠨ ᠱᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠥᠨᠳᠥᠷ ᠠᠭᠤᠯᠠ ᠶᠢᠨ ᠰᠣᠯᠣᠩᠭᠠᠨ ᠴᠡᠴᠡᠷᠯᠢᠭ ᠪᠣᠯᠤᠨ ᠰᠢᠯ ᠦᠵᠡᠮᠵᠢ ᠶᠢᠨ ᠲᠠᠪᠴᠠᠩ ᠢᠶᠠᠷ ᠲᠣᠭᠤᠷᠢᠨ ᠦᠵᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号