ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ ᠶᠢᠨ ᠾᠧ ᠮᠧᠢ ᠬᠤᠪᠢᠶᠠᠷᠢ ᠰᠤᠷᠭᠠᠭᠤᠯᠢ ᠫᠠᠶᠢᠰᠠ ᠰᠡᠬᠦᠪᠡ
ᠨᠡᠶᠢᠲᠡᠯᠡᠭᠰᠡᠨ ᠴᠠᠭ᠄
2022/7/19
ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ ᠶᠢᠨ ᠾᠧ ᠮᠧᠢ ᠬᠤᠪᠢᠶᠠᠷᠢ ᠰᠤᠷᠭᠠᠭᠤᠯᠢ ᠫᠠᠶᠢᠰᠠ ᠰᠡᠬᠦᠪᠡ    ᠰᠤᠷᠭᠠᠨ ᠬᠥᠮᠦᠵᠢᠯ ᠤᠨ ᠡᠬᠢ ᠪᠠᠶᠠᠯᠢᠭ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠮᠠᠨ ᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 18 ᠤ ᠦᠳᠡ ᠶᠢᠨ ᠡᠮᠦᠨ᠎ᠡ᠂ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ  ᠶᠢᠨ ᠾᠧ ᠮᠧᠢ ᠬᠤᠪᠢᠶᠠᠷᠢ ᠰᠤᠷᠭᠠᠭᠤᠯᠢ ᠶᠢᠨ ᠫᠠᠶᠢᠰᠠ ᠰᠡᠬᠦᠬᠦ ᠶᠣᠰᠣᠯᠠᠯ ᠾᠧ ᠮᠧᠶ ᠰᠤᠷᠭᠠᠭᠤᠯᠢ ᠳᠤ ᠶᠠᠪᠤᠭᠳᠠᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠤᠯᠠᠭᠠᠨᠬᠠᠳᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠰᠦᠨ ᠲᠤᠤ᠂ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠣᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ ᠶᠢᠨ ᠵᠠᠬᠢᠷᠤᠯ ᠸᠧᠨ ᠯᠢ ᠴᠢᠩ᠂ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠧ ᠹᠧᠩ ᠭᠦᠸᠧ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠰᠢᠶᠠᠨ ᠬᠤᠶ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠫᠠᠶᠢᠰᠠ ᠰᠡᠬᠦᠬᠦ ᠶᠣᠰᠣᠯᠠᠯ ᠳᠤ ᠣᠷᠣᠯᠴᠠᠪᠠ᠃    ᠸᠠᠩ ᠯᠢ ᠭᠦᠸᠧ ᠪᠠᠶᠠᠷ ᠤᠨ ᠦᠭᠡ ᠬᠡᠯᠡᠬᠦ ᠳᠡᠭᠡᠨ᠂ ᠾᠧ ᠮᠧᠶ ᠬᠤᠪᠢᠶᠠᠷᠢ ᠰᠤᠷᠭᠠᠭᠤᠯᠢ ᠪᠣᠯ ᠪᠥᠬᠦ ᠬᠤᠲᠠ ᠶᠢᠨ ᠠᠩᠬᠠᠳᠠᠭᠴᠢ ᠪᠦᠯᠦᠭᠴᠢᠯᠡᠭᠰᠡᠨ ᠰᠤᠷᠭᠠᠭᠤᠯᠢ ᠮᠥᠨ᠂ ᠪᠥᠬᠦ ᠬᠤᠲᠠ ᠶᠢᠨ ᠠᠩᠬᠠᠨ ᠤ ᠡᠭᠦᠳᠦᠯᠲᠡ ᠳᠤ ᠲᠣᠭᠠᠴᠠᠭᠳᠠᠨ᠎ᠠ᠂ ᠾᠧ ᠮᠧᠶ ᠬᠤᠪᠢᠶᠠᠷᠢ ᠰᠤᠷᠭᠠᠭᠤᠯᠢ ᠶᠢᠨ ᠪᠠᠶᠢᠭᠤᠯᠤᠭᠳᠠᠭᠰᠠᠨ ᠨᠢ ᠮᠥᠨ ᠴᠦ ᠬᠠᠷᠠᠴᠢᠨ ᠬᠤᠰᠢᠭᠤᠨ ᠤ ᠰᠠᠭᠤᠷᠢ ᠰᠤᠷᠭᠠᠨ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠳᠥᠯᠭᠢᠨ ᠠᠬᠢᠭᠤᠯᠵᠤ᠂ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠂ ᠪᠠᠶᠠᠷᠲᠤ ᠶᠠᠪᠤᠳᠠᠯ᠂ ᠰᠠᠶᠢᠨ ᠶᠠᠪᠤᠳᠠᠯ ᠮᠥᠨ ᠪᠣᠯᠬᠤᠷ ᠯᠠᠪᠲᠠᠶ ᠬᠠᠷᠠᠴᠢᠨ ᠬᠤᠰᠢᠭᠤᠨ ᠤ ᠰᠤᠷᠭᠠᠨ ᠬᠥᠮᠦᠵᠢᠯ ᠤᠨ ᠬᠥᠭᠵᠢᠯᠲᠡ ᠶᠢᠨ ᠲᠡᠤᠬᠡᠨ ᠬᠠᠭᠤᠳᠠᠰᠤᠨ ᠳᠤ ᠲᠡᠮᠳᠡᠭᠯᠡᠭᠳᠡᠬᠦ ᠪᠣᠯᠤᠨ᠎ᠠ︔ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ ᠶᠢᠨ ᠬᠢᠨ ᠪᠦᠯᠦᠭᠯᠡᠯᠵᠢᠭᠰᠡᠨ ᠰᠤᠷᠭᠠᠭᠤᠯᠢ ᠡᠷᠬᠢᠯᠡᠬᠦ ᠵᠠᠭᠪᠤᠷ ᠤᠨ ᠳᠣᠣᠷ᠎ᠠ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠵᠢᠭᠠᠨ ᠵᠢᠯᠣᠭᠤᠳᠴᠤ᠂ ᠲᠡᠷᠢᠭᠦᠨ ᠤ ᠰᠤᠷᠭᠠᠨ ᠬᠥᠮᠦᠵᠢᠯ ᠤᠨ ᠣᠶᠢᠯᠠᠭᠠᠭᠳᠠᠬᠤᠨ᠂ ᠰᠢᠯᠢᠳᠡᠭ ᠰᠤᠷᠭᠠᠨ ᠬᠥᠮᠦᠵᠢᠯ ᠤᠨ ᠡᠬᠢ ᠪᠠᠶᠠᠯᠢᠭ᠂ ᠡᠯᠪᠡᠭ ᠪᠠᠶᠠᠯᠢᠭ ᠬᠠᠮᠢᠶᠠᠷᠤᠯᠲᠠ ᠶᠢᠨ ᠲᠤᠷᠰᠢᠯᠭ᠎ᠠ ᠪᠣᠯᠤᠨ ᠪᠣᠯᠪᠠᠰᠤᠷᠠᠩᠭᠤᠢ ᠰᠤᠷᠭᠠᠭᠤᠯᠢ ᠡᠷᠬᠢᠯᠡᠬᠦ ᠵᠠᠭᠪᠤᠷ ᠢ ᠾᠧ ᠮᠧᠢ ᠬᠤᠪᠢᠶᠠᠷᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠪᠦᠬᠦ ᠶᠠᠪᠤᠴᠠ ᠳᠤ ᠲᠦᠷᠭᠡᠨ ᠰᠢᠯᠵᠢᠭᠦᠯᠵᠦ᠂ ᠰᠢᠨ᠎ᠡ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠪᠠᠶᠢᠷᠢᠰᠢᠯ ᠢ ᠪᠠᠶᠢᠭᠤᠯᠬᠤ ᠶᠢ ᠬᠦᠰᠡᠵᠦ ᠪᠠᠶᠢᠨ᠎ᠠ︔ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠠᠰᠠ ᠾᠧ ᠮᠧᠶ ᠬᠤᠪᠢᠶᠠᠷᠢ ᠰᠤᠷᠭᠠᠭᠤᠯᠢ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠤᠰᠢᠭᠤᠨ ᠤ ᠰᠤᠷᠭᠠᠨ ᠬᠥᠮᠦᠵᠢᠯ ᠤᠨ ᠠᠵᠢᠯ ᠤᠨ ᠭᠤᠤᠯᠳᠠᠯᠭ᠎ᠠ ᠶᠢᠨ ᠳᠣᠲᠣᠷᠠᠬᠢ ᠭᠤᠤᠯᠳᠠᠯᠭ᠎ᠠ ᠪᠣᠯᠭᠠᠵᠤ᠂ ᠲᠥᠷᠥ ᠶᠢᠨ ᠪᠣᠳᠣᠯᠭ᠎ᠠ᠂ ᠪᠠᠯᠠ ᠮᠥᠩᠭᠦ᠂ ᠴᠢᠳᠠᠪᠤᠷᠢᠲᠠᠨ ᠵᠡᠷᠭᠡ ᠡᠯ᠎ᠡ ᠲᠠᠯ᠎ᠠ ᠠᠴᠠ ᠬᠦᠴᠦᠲᠡᠶ ᠳᠡᠮᠵᠢᠯᠭᠡ ᠪᠠ ᠪᠠᠲᠤᠯᠠᠭ᠎ᠠ ᠣᠯᠭᠤᠵᠤ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠤᠨ᠎ᠠ᠃    ᠸᠧᠨ ᠯᠢ ᠴᠢᠩ ᠢᠯᠡᠷᠬᠡᠶᠢᠯᠡᠬᠦ ᠳᠡᠭᠡᠨ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠵᠢᠴᠢ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠦᠴᠦᠲᠡᠶ ᠳᠡᠮᠵᠢᠯᠭᠡ ᠳᠣᠣᠷ᠎ᠠ᠂ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ ᠶᠢᠨ ᠬᠢᠨ ᠰᠤᠷᠭᠠᠨ ᠬᠥᠮᠦᠵᠢᠯ ᠤᠨ ᠤᠬ ᠰᠠᠨᠠᠭ᠎ᠠ ᠪᠠᠨ ᠦᠯᠦ ᠮᠠᠷᠲᠠᠵᠤ᠂ ᠬᠥᠮᠦᠨ ᠬᠥᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠰᠤᠷᠭᠠᠨ ᠬᠥᠮᠦᠵᠢᠯ ᠤᠨ ᠬᠠᠶᠢᠷ᠎ᠠ ᠰᠡᠳᠬᠢᠯᠭᠡ ᠪᠠᠨ ᠪᠠᠲᠤ ᠰᠠᠬᠢᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠭᠤᠯᠢ ᠶᠢ ᠴᠢᠷᠮᠠᠶᠢᠨ ᠰᠠᠶᠢᠲᠤᠷ ᠡᠷᠬᠢᠯᠡᠬᠦ ᠶᠢᠨ ᠬᠠᠮᠲᠤ᠂ ᠨᠡᠩ ᠤᠯᠠᠨ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠬᠦ ᠪᠠᠷ ᠴᠢᠷᠮᠠᠶᠢᠵᠤ᠂ ᠬᠤᠳᠠ ᠶᠢᠨ ᠰᠢᠭᠤᠳ ᠬᠠᠷᠢᠶ᠎ᠠ ᠰᠤᠷᠭᠠᠭᠤᠯᠢ ᠶᠢᠨ ᠬᠦᠳᠦᠯᠦᠨ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠵᠤ᠂ ᠣᠷᠣᠨ ᠪᠦᠰᠡ ᠠᠯᠤᠰᠯᠠᠨ ᠴᠢᠨᠠᠷ ᠰᠠᠢᠲᠠᠢ ᠲᠡᠩᠴᠡᠭᠦᠷᠢᠲᠠᠢ ᠬᠥᠭᠵᠢᠯᠲᠡ ᠶᠢ ᠪᠡᠶᠡᠯᠡᠭᠦᠯᠬᠦ ᠵᠠᠮ ᠳᠤ ᠬᠤᠪᠢ ᠨᠡᠮᠡᠷᠢ ᠦᠵᠡᠭᠦᠯᠦᠨ᠎ᠡ ᠭᠡᠵᠦ ᠵᠢᠭᠠᠵᠤ ᠭᠠᠷᠭᠠᠪᠠ᠃    ᠾᠧ ᠮᠧᠶ ᠬᠤᠪᠢᠶᠠᠷᠢ ᠰᠤᠷᠭᠠᠭᠤᠯᠢ ᠶᠢᠨ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠰᠢᠯᠢᠳᠡᠭ ᠪᠠᠭᠰᠢ ᠶᠢᠨ ᠡᠩᠨᠡᠭᠡ ᠶᠢ ᠬᠥᠮᠦᠵᠢᠭᠦᠯᠬᠦ᠂ ᠵᠢᠭᠠᠨ ᠰᠤᠳᠤᠯᠬᠤ ᠰᠣᠯᠢᠯᠴᠠᠭᠠᠨ ᠤ ᠲᠠᠪᠴᠠᠩ ᠢ ᠪᠠᠶᠢᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠨᠢᠭᠡᠳᠦᠯᠲᠡᠶ ᠴᠡᠭᠴᠡᠯᠡᠬᠦ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠯᠠᠭᠠᠨᠬᠠᠳᠠ ᠬᠤᠲᠠ ᠶᠢᠨ ᠵᠢᠱᠢᠶ᠎ᠡ ᠦᠵᠡᠭᠦᠯᠬᠦ ᠴᠢᠨᠠᠷᠲᠠᠶ ᠪᠦᠯᠦᠭᠯᠡᠯ ᠤᠨ ᠬᠤᠪᠢᠶᠠᠷᠢ ᠰᠤᠷᠭᠠᠭᠤᠯᠢ ᠶᠢ ᠪᠠᠶᠢᠭᠤᠯᠬᠤ ᠪᠠᠷ ᠴᠢᠷᠮᠠᠶᠢᠨ᠎ᠠ ᠭᠡᠵᠡᠶ᠃ ᠪᠦᠬᠦ ᠪᠠᠭᠰᠢ ᠠᠵᠢᠯᠳᠠᠨ ᠴᠤ ᠵᠠᠰᠠᠭ ᠤᠨ ᠣᠷᠳᠣᠨ᠂ ᠨᠡᠶᠢᠭᠡᠮ ᠤᠨ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠪᠠᠷ ᠭᠠᠷ ᠬᠤᠯᠪᠣᠨ ᠡᠷᠡᠯᠬᠡᠭᠯᠡᠨ ᠤᠷᠤᠭᠰᠢᠯᠠᠵᠤ᠂ ᠡᠷᠡᠮᠡᠬᠡᠶᠢᠯᠡᠨ ᠴᠢᠷᠮᠠᠢᠵᠤ ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠭᠦᠯᠦᠭᠴᠢ ᠪᠤᠯᠵᠤ᠂ ᠾᠧ ᠮᠧᠢ ᠰᠤᠷᠭᠠᠭᠤᠯᠢ ᠶᠢᠨ ᠰᠠᠶᠢᠨ ᠰᠠᠶᠢᠬᠠᠨ ᠢᠷᠡᠭᠡᠳᠦᠢ ᠶᠢ ᠬᠠᠮᠲᠤᠪᠠᠷ ᠴᠣᠭᠴᠠᠯᠠᠨ ᠪᠠᠶᠢᠭᠤᠯᠬᠤ ᠪᠣᠯᠤᠨ᠎ᠠ ᠭᠡᠪᠡ᠃ᠵᠤᠤ ᠶᠠᠨ ᠬᠤᠩ ᠪᠣᠯᠤᠨ ᠸᠧᠨ ᠯᠢ ᠴᠢᠩ ᠬᠠᠮᠲᠤᠪᠠᠷ ᠤᠯᠠᠭᠠᠨᠬᠠᠳᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠶᠢᠨ ᠤᠯᠠᠨ ᠤᠯᠤᠰ ᠤᠨ ᠲᠤᠷᠰᠢᠯᠲᠠ ᠶᠢᠨ ᠰᠤᠷᠭᠠᠭᠤᠯᠢ ᠶᠢᠨ ᠾᠧ ᠮᠧᠢ ᠬᠤᠪᠢᠶᠠᠷᠢ ᠰᠤᠷᠭᠠᠭᠤᠯᠢ ᠶᠢᠨ ᠫᠠᠶᠢᠰᠠ ᠶᠢ ᠰᠡᠬᠦᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号