ᠮᠠ ᠠᠨ ᠱᠠᠨ ᠤ ᠤᠯᠤᠰ ᠤᠨ ᠣᠢ ᠰᠢᠭᠤᠶ ᠶᠢᠨ ᠴᠡᠴᠡᠷᠯᠢᠭ ᠢ ᠳᠡᠰ ᠳᠡᠪᠰᠢᠭᠦᠯᠵᠦ ᠰᠠᠶᠢᠨ | ᠦᠨᠡᠯᠡᠯᠲᠡ ᠶᠢ ᠳᠡᠭᠡᠭᠰᠢᠯᠡᠭᠦᠯᠪᠡ | ᠣᠶᠢᠷ᠎ᠠ ᠳᠤ᠂ ᠮᠠ ᠠᠨ ᠱᠠᠨ ᠤ ᠤᠯᠤᠰ ᠤᠨ ᠣᠶ ᠰᠢᠭᠤᠶ ᠶᠢᠨ ᠴᠡᠴᠡᠷᠯᠢᠭ ᠢ ᠲᠠᠰ ᠳᠡᠪᠰᠢᠭᠦᠯᠦᠨ | ᠥᠭᠡᠷᠡᠴᠢᠯᠡᠬᠦ ᠪᠠᠷ ᠳᠡᠮᠵᠢᠨ᠂ ᠮᠠ ᠠᠨ ᠱᠠᠨ ᠤ ᠦᠵᠡᠮᠵᠢ ᠶᠢᠨ ᠣᠷᠣᠨ ᠤ ᠪᠥᠲᠥᠭᠡᠨ ᠪᠠᠶᠢᠭᠤᠯᠤᠯᠲᠠ ᠶᠢᠨ | ᠲᠡᠤᠬᠡ ᠶᠢᠨ ᠰᠢᠨ᠎ᠡ ᠬᠠᠭᠤᠳᠠᠰᠤ ᠶᠢ ᠰᠡᠬᠦᠵᠦ᠂ 7 ᠰᠠᠷ᠎ᠠ ᠶᠢᠨ 15 ᠤ ᠡᠳᠦᠷ ᠂ ᠰᠢᠨ᠎ᠡ ᠦᠵᠡᠮᠵᠢ ᠶᠢᠨ | ᠣᠷᠣᠨ ᠢ ᠨᠢᠭᠡᠨᠲᠡ ᠵᠢᠭᠤᠯᠴᠢᠯᠠᠭᠴᠢᠳ ᠲᠤ ᠨᠡᠭᠡᠭᠡᠪᠡ᠃ | ᠡᠨᠡ ᠤᠳᠠᠭ᠎ᠠ ᠶᠢᠨ ᠲᠡᠰ ᠳᠡᠪᠰᠢᠭᠦᠯᠬᠦ ᠳᠤ᠂ ᠶᠡᠭᠡ ᠬᠡᠮᠵᠢᠶᠡᠨ ᠤ ᠰᠠᠭᠤᠷᠢ ᠲᠥᠬᠦᠭᠡᠷᠦᠮᠵᠢ ᠶᠢ ᠨᠡᠮᠡᠨ | ᠪᠠᠶᠢᠭᠤᠯᠵᠤ᠂ ᠵᠤᠭᠠᠴᠠᠭᠰᠠᠳ ᠲᠤ ᠨᠡᠩ ᠰᠠᠶᠢᠨ ᠦᠵᠡᠮᠵᠢ ᠶᠢᠨ ᠣᠶᠢᠯᠠᠭᠠᠯᠲᠠ ᠲᠠᠢ ᠪᠣᠯᠭᠠᠵᠤ᠂ ᠵᠤᠭᠠᠴᠠᠭᠰᠠᠳ ᠤᠨ | ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃ ︽ᠪᠢ ᠪᠣᠯ ᠨᠤᠲᠤᠭ ᠤᠨ ᠬᠥᠮᠦᠨ᠂ ᠪᠠᠭ᠎ᠠ ᠳᠠᠭᠠᠨ ᠦᠷᠭᠦᠯᠵᠢ ᠮᠠ | ᠠᠨ ᠱᠠᠨ ᠳᠤ ᠢᠷᠡᠵᠦ ᠵᠤᠭᠠᠴᠠᠨ ᠨᠠᠭᠠᠳᠳᠠᠭ᠂ ᠡᠨᠡ ᠤᠳᠠᠭᠠᠨ ᠤ ᠥᠭᠡᠷᠡᠴᠢᠯᠡᠯᠲᠡ ᠪᠠᠷ ᠳᠡᠮᠵᠢᠨ ᠮᠠ ᠠᠨ | ᠱᠠᠨ ᠳᠤ ᠮᠠᠰᠢ ᠶᠡᠭᠡ ᠬᠤᠪᠢᠷᠠᠯᠲᠠ ᠭᠠᠷᠴᠠᠶ᠂ ᠠᠳᠡ ᠢᠷᠡᠭᠰᠡᠨ ᠤ ᠳᠠᠷᠠᠭ᠎ᠠ ᠰᠡᠳᠬᠢᠯ ᠰᠠᠨᠠᠭ᠎ᠠ | ᠠᠭᠤᠵᠢᠷᠠᠵᠠᠢ ︾ ᠭᠡᠵᠤ ᠨᠢᠭᠡ ᠵᠤᠭᠠᠴᠠᠭᠴᠢ ᠰᠤᠷᠪᠤᠯᠵᠢᠯᠠᠭᠴᠢ ᠳᠤ ᠬᠡᠯᠡᠪᠡ᠃ | ᠮᠠ ᠠᠨ ᠱᠠᠨ ᠤᠯᠤᠰ ᠤᠨ ᠣᠶ ᠰᠢᠭᠤᠶ ᠶᠢᠨ ᠴᠡᠴᠡᠷᠯᠢᠭ ᠨᠢ 1993 ᠣᠨ ᠳᠤ ᠤᠯᠤᠰ ᠤᠨ ᠣᠶ | ᠰᠢᠭᠤᠶ ᠶᠢᠨ ᠶᠠᠮᠤᠨ ᠤ ᠵᠥᠪᠰᠢᠶᠡᠷᠡᠯ ᠢᠶᠠᠷ ᠤᠯᠤᠰ ᠤᠨ ᠣᠶ ᠰᠢᠭᠤᠶ ᠶᠢᠨ ᠴᠡᠴᠡᠷᠯᠢᠭ ᠪᠣᠯᠵᠣ᠂ 2008 ᠣᠨ ᠳᠤ | ᠤᠯᠤᠰ ᠤᠨ 3A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠵᠣ ᠳᠡᠪᠰᠢᠪᠡ᠃ | ᠵᠢᠭᠤᠯᠴᠢᠯᠠᠭᠴᠢᠳ ᠳᠤ ᠨᠡᠭᠡᠭᠡᠭᠰᠡᠨ ᠠᠴᠠ ᠨᠠᠰᠢ᠂ ᠮᠠ ᠠᠨ ᠱᠠᠨ ᠤᠯᠤᠰ ᠤᠨ | ᠣᠶ ᠰᠢᠭᠤᠶ ᠶᠢᠨ ᠴᠡᠴᠡᠷᠯᠢᠭ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠣᠯᠠᠨ ᠲᠣᠭᠠᠨ ᠤ ᠵᠤᠭᠠᠴᠠᠭᠴᠢᠳ ᠤᠨ | ᠠᠩᠬᠠᠷᠤᠯ ᠢ ᠲᠠᠲᠠᠵᠤ᠂ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠪᠠ ᠵᠢᠭᠤᠯᠴᠢᠯᠠᠯ ᠤᠨ ᠦᠶ᠋ᠯᠡᠰ ᠤᠨ | ᠬᠥᠭᠵᠢᠯᠲᠡ ᠳᠤ ᠯᠤᠲᠤ ᠶᠡᠭᠡ ᠬᠤᠪᠢ ᠨᠡᠮᠡᠷᠢ ᠦᠵᠡᠭᠦᠯᠦᠭᠰᠡᠨ ᠪᠠᠶᠢᠨ᠎ᠠ᠃ ᠲᠡᠰ ᠳᠡᠪᠰᠢᠭᠦᠯᠦᠭᠰᠡᠨ ᠤ ᠲᠠᠷᠠᠭ᠎ᠠ᠂ ᠮᠠ | ᠠᠨ ᠱᠠᠨ ᠤ ᠤᠯᠤᠰ ᠤᠨ ᠤᠢ ᠰᠢᠭᠤᠢ ᠶᠢᠨ ᠴᠡᠴᠡᠷᠯᠢᠭ ᠤᠨ ᠲᠡᠷᠭᠡ ᠵᠣᠭᠰᠣᠬᠤ ᠲᠠᠯᠠᠪᠠᠢ᠂ ᠵᠤᠭᠠᠴᠠᠭᠰᠠᠳ ᠤᠨ | ᠲᠥᠪ᠂ ᠤᠷᠠᠯᠢᠭ ᠤᠨ ᠪᠦᠲᠦᠭᠡᠯ ᠤᠨ ᠦᠵᠡᠭᠦᠯᠦᠯᠭᠡ ᠶᠢᠨ ᠣᠷᠳᠣᠨ ᠴᠥᠮ ᠪᠦᠷᠢᠳᠦᠵᠦ᠂ ᠦᠵᠡᠮᠵᠢ ᠶᠢᠨ | ᠣᠷᠣᠨ ᠤ ᠮᠣᠳᠣᠨ ᠬᠥᠭᠦᠷᠭᠡ ᠪᠠᠷ ᠤᠢ ᠰᠢᠭᠤᠢ ᠶᠢᠨ ᠭᠦᠨ ᠳᠤ ᠨᠡᠪᠲᠡᠷᠡᠵᠦ᠂ ᠴᠡᠴᠡᠷᠯᠢᠭ ᠤᠨ ᠳᠣᠲᠣᠷᠠᠬᠢ | ᠥᠪᠡᠷᠮᠢᠴᠡ ᠣᠨᠴᠠᠯᠢᠭ ᠲᠠᠢ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠪᠣᠯᠤᠨ ᠴᠡᠴᠡᠷᠯᠢᠭ ᠤᠨ ᠵᠠᠩ ᠦᠢᠯᠡ ᠶᠢ | ᠰᠣᠨᠢᠷᠬᠠᠨ ᠮᠡᠳᠡᠷᠡᠵᠦ᠂ ︽ᠰᠢᠨ᠎ᠡ ᠰᠣᠷᠭᠤᠭ ᠬᠠᠷᠠᠴᠢᠨ᠂ ᠡᠷᠡᠭᠦᠯ ᠡᠩᠬᠡ ᠠᠮᠢ ᠠᠬᠤᠢ ᠶᠢᠨ ᠵᠤᠭᠠᠴᠠᠯ︾ ᠢ | ᠪᠦᠳᠦᠬᠡᠨ ᠪᠠᠶᠢᠭᠤᠯᠬᠤ ᠳᠤ ᠭᠤᠶᠤ ᠰᠠᠶᠢᠬᠠᠨ ᠦᠩᠬᠡ ᠨᠡᠮᠡᠷᠢᠯᠡᠭᠰᠡᠨ ᠪᠠᠶᠢᠨ᠎ᠠ᠃ | |