ᠲᠥᠪ ᠤᠨ ᠵᠠᠭᠤᠴᠢᠯᠠᠭᠤᠷ ᠪᠠ ᠤᠯᠤᠰ ᠤᠨ ᠳᠣᠲᠣᠭᠠᠳᠤ ᠶᠢᠨ ᠨᠠᠷᠠᠲᠤ ᠵᠠᠭᠤᠴᠢᠯᠠᠭᠤᠷ ᠤᠨ ᠰᠤᠷᠪᠤᠯᠵᠢᠯᠠᠭᠴᠢ ᠬᠠᠷᠠᠴᠢᠨ ᠬᠤᠰᠢᠭᠤᠨ ᠳᠤ ᠠᠩᠬᠠᠷᠤᠯ ᠢᠶᠠᠨ ᠲᠥᠪᠯᠡᠷᠡᠭᠦᠯᠪᠡ
ᠨᠡᠶᠢᠲᠡᠯᠡᠭᠰᠡᠨ ᠴᠠᠭ᠄
2022/7/21
ᠲᠥᠪ ᠤᠨ ᠵᠠᠭᠤᠴᠢᠯᠠᠭᠤᠷ ᠪᠠ ᠤᠯᠤᠰ ᠤᠨ ᠳᠣᠲᠣᠭᠠᠳᠤ ᠶᠢᠨ ᠨᠠᠷᠠᠲᠤ ᠵᠠᠭᠤᠴᠢᠯᠠᠭᠤᠷ ᠤᠨ ᠰᠤᠷᠪᠤᠯᠵᠢᠯᠠᠭᠴᠢ ᠬᠠᠷᠠᠴᠢᠨ ᠬᠤᠰᠢᠭᠤᠨ ᠳᠤ ᠠᠩᠬᠠᠷᠤᠯ ᠢᠶᠠᠨ ᠲᠥᠪᠯᠡᠷᠡᠭᠦᠯᠪᠡ    7 ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ︽ᠰᠢᠨ᠎ᠡ ᠠᠮᠢᠳᠤᠷᠠᠯ  ᠰᠢᠨ᠎ᠡ ᠡᠵᠡᠩᠨᠡᠯᠲᠡ ᠶᠢᠨ ᠬᠡᠯᠪᠡᠷᠢ  ᠰᠢᠨ᠎ᠡ ᠳᠦᠷᠰᠦ ᠪᠠᠶᠢᠳᠠᠯ︾ ᠭᠡᠬᠦ ᠭᠤᠤᠯ ᠰᠡᠳᠦᠪᠲᠦ ᠲᠥᠪᠯᠡᠷᠡᠩᠭᠦᠶ ᠰᠤᠷᠪᠤᠯᠵᠢᠯᠠᠭ᠎ᠠ ᠶᠢᠨ ᠠᠵᠢᠯᠯᠠᠭ᠎ᠠ ᠬᠠᠷᠠᠴᠢᠨ ᠬᠤᠰᠢᠭᠤᠨ ᠳᠤ ᠲᠥᠪᠯᠡᠷᠡᠵᠡᠶ᠃    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠰᠣᠨᠢᠨ ᠮᠡᠳᠡᠭᠡᠨ ᠤ ᠭᠠᠵᠠᠷ ᠤᠨ ᠳᠠᠷᠤᠭ᠎ᠠ ᠶᠦᠩ ᠰᠢᠶᠠᠩ᠂ ᠤᠯᠠᠭᠠᠨᠬᠠᠳᠠ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠳᠡᠳ᠋ ᠳᠠᠷᠤᠭ᠎ᠠ ᠴᠧᠨ ᠵᠥᠩ ᠽᠧ ᠬᠠᠷᠢᠭᠤᠴᠠᠯᠭᠠᠲᠠᠨ ᠤ ᠳᠠᠭᠠᠭᠤᠯᠤᠭᠰᠠᠨ ᠲᠥᠪ ᠤᠨ ᠵᠠᠭᠤᠴᠢᠯᠠᠭᠤᠷ ᠪᠠ ᠤᠯᠤᠰ ᠤᠨ ᠳᠣᠲᠣᠭᠠᠳᠤ ᠶᠢᠨ ᠨᠡᠷᠡᠲᠦ ᠵᠠᠭᠤᠴᠢᠯᠠᠭᠤᠷ ᠤᠨ ᠰᠤᠷᠪᠤᠯᠵᠢᠯᠠᠬᠤ ᠪᠦᠯᠬᠦᠮ 36 ᠬᠥᠮᠦᠨ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ ᠵᠢᠴᠢ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠷᠢᠭᠤᠴᠠᠯᠭᠠᠲᠠᠨ ᠤ ᠪᠠᠷ᠎ᠠ ᠪᠤᠯᠤᠯᠭ᠎ᠠ ᠲᠠᠢ ᠪᠠᠷ᠂ ᠲᠣᠰ ᠲᠣᠰ ᠨᠢᠦ ᠵᠢᠶᠠ ᠢᠩᠽᠢ ᠪᠠᠯᠭᠠᠰᠤᠨ ᠳᠤ ᠬᠦᠷᠴᠦ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠶ ᠶᠢᠨ ᠠᠵᠤ  ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠂ ᠬᠢᠲᠠᠳ ᠮᠣᠩᠭᠤᠯ ᠤᠨ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ ᠪᠠ ᠤᠯᠠᠭᠠᠨᠬᠠᠳᠠ ᠬᠤᠲᠠ ᠶᠢᠨ ᠷᠦᠩ ᠰᠢᠩ ᠲᠠᠩ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢ ᠰᠢᠨᠵᠢᠯᠡᠨ ᠪᠠᠶᠢᠴᠠᠭᠠᠪᠠ︔ ᠾᠧᠨᠠᠨ ᠤ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠳᠤ ᠬᠦᠷᠴᠦ ᠶᠡᠷᠦᠩᠬᠡᠢ ᠱᠦᠵᠢ ᠰᠢ ᠶᠢᠨ ᠫᠢᠩ ᠤ ᠵᠠᠮ ᠢᠶᠠᠷ ᠲᠠᠬᠢᠨ ᠵᠠᠮᠨᠠᠵᠤ᠂ ᠮᠠ ᠠᠨ ᠱᠠᠨ ᠲᠣᠰᠬᠤᠨ ᠤ ᠨᠢᠭᠡᠳᠦᠭᠡᠷ ᠱᠦᠵᠢ ᠯᠢᠦ ᠶᠧ ᠶᠠᠩ ᠤᠨ ᠲᠣᠰᠬᠤᠨ ᠤ ᠠᠷᠠᠳ ᠢᠶᠠᠨ ᠳᠠᠭᠠᠭᠤᠯᠤᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠭᠰᠡᠨ ᠦᠯᠢᠭᠡᠷ ᠢ ᠣᠶᠢᠯᠠᠭᠠᠵᠤ᠂ ᠵᠠᠩ ᠭᠦᠸᠧ ᠯᠢ ᠶᠢᠨ ᠭᠡᠷ ᠲᠤ ᠭᠦᠨᠵᠡᠭᠡᠶᠢᠷᠡᠨ ᠰᠤᠷᠪᠤᠯᠵᠢᠯᠠᠵᠤ᠂ ᠮᠠ ᠠᠨ ᠱᠠᠨ ᠠᠭᠤᠯᠠᠨ ᠤ ᠬᠤᠷᠮᠣᠢ ᠳᠠᠬᠢ ᠰᠢᠯᠢᠮᠳᠡᠭ ᠤᠨ ᠴᠡᠴᠡᠭ ᠤᠨ ᠲᠠᠯᠠᠢ ᠳᠤ ᠬᠦᠷᠴᠡᠢ︔  ᠰᠢ ᠴᠢᠶᠤᠤ ᠪᠠᠯᠭᠠᠰᠤᠨ ᠤ ᠯᠸᠢ ᠢᠩᠽᠢ ᠲᠣᠰᠬᠤᠨ ᠤ ᠨᠠᠮ ᠤᠨ ᠡᠭᠦᠷ ᠤᠨ ᠱᠦᠵᠢ᠂ ᠡᠷᠬᠢᠯᠡᠭᠴᠢ ᠵᠠᠩ ᠫᠢᠩ ᠤᠨ ᠲᠣᠰᠬᠤᠨ ᠤ ᠠᠷᠠᠳ ᠢᠶᠠᠨ ᠳᠠᠭᠠᠭᠤᠯᠤᠨ ᠪᠠᠶᠠᠵᠢᠭᠰᠠᠨ ᠦᠯᠢᠭᠡᠷ ᠢ ᠰᠣᠨᠣᠰᠪᠠ᠃    ᠰᠤᠷᠪᠤᠯᠵᠢᠯᠠᠬᠤ ᠪᠦᠯᠬᠦᠮ ᠤᠨ ᠭᠡᠰᠢᠭᠦᠳ ᠲᠣᠯᠣᠭᠠᠶᠢᠯᠠᠭᠴᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠢᠭᠤᠳ ᠬᠠᠷᠢᠯᠴᠠᠬᠤ᠂ ᠦᠨᠳᠦᠰᠦᠨ ᠱᠠᠲᠤᠨ ᠤ ᠺᠠᠳ᠋ᠷᠴᠤᠳ ᠲᠠᠢ ᠨᠢᠭᠤᠷᠳᠠᠨ ᠶᠠᠷᠢᠯᠴᠠᠬᠤ ᠪᠠᠷ ᠳᠡᠮᠵᠢᠨ᠂ ᠮᠠᠨ ᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠭᠰᠡᠨ ᠦᠷ᠎ᠡ ᠪᠦᠲᠦᠭᠡᠯ ᠢᠶᠠᠨ ᠪᠠᠬᠢᠵᠢᠭᠦᠯᠦᠨ ᠥᠷᠭᠡᠳᠬᠡᠬᠦ᠂ ᠪᠥᠬᠦ ᠬᠤᠰᠢᠭᠤᠨ ᠤ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠠᠯᠬᠤᠴᠠ ᠪᠠᠨ ᠲᠦᠷᠭᠡᠳᠬᠡᠬᠦ᠂ ᠠᠷᠠᠳ ᠢ ᠪᠠᠶᠠᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠪᠤᠶᠢᠵᠢᠭᠤᠯᠤᠨ ᠬᠦᠴᠦᠷᠬᠡᠭᠵᠢᠭᠦᠯᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠲᠠᠯ᠎ᠠ ᠪᠠᠷ ᠣᠯᠤᠭᠰᠠᠨ ᠯᠤᠲᠤ ᠶᠡᠭᠡ ᠠᠮᠵᠢᠯᠲᠠ ᠶᠢ ᠨᠠᠷᠢᠨ ᠣᠶᠢᠯᠠᠭᠠᠪᠠ᠃    ᠣᠶᠢᠯᠠᠭᠠᠭᠰᠠᠨ ᠢᠶᠠᠷ᠂ ᠰᠢᠨᠬᠤᠸᠠ ᠬᠤᠷᠢᠶ᠎ᠠ᠂ ᠲᠥᠪ ᠤᠨ ᠷᠠᠳᠢᠣ᠋ ᠲᠧᠯᠸᠢᠰ ᠤᠨ ᠶᠡᠷᠦᠩᠬᠡᠶ ᠬᠤᠷᠢᠶ᠎ᠠ᠂ ᠭᠤᠸᠠᠩᠮᠢᠩ ᠡᠳᠦᠷ ᠤᠨ ᠰᠣᠨᠢᠨ᠂ ᠠᠵᠤ ᠠᠬᠤᠶ ᠶᠢᠨ ᠡᠳᠦᠷ ᠤᠨ ᠰᠣᠨᠢᠨ᠂ ᠦᠢᠯᠡᠳᠦᠯᠭᠡ ᠰᠡᠳᠬᠦᠯ ᠤᠨ ᠬᠤᠷᠢᠶ᠎ᠠ ᠵᠡᠷᠭᠡ ᠬᠤᠷᠢ ᠭᠠᠷᠤᠶ ᠰᠣᠨᠢᠨ ᠮᠡᠳᠡᠭᠡᠨ ᠤ ᠵᠠᠭᠤᠴᠢᠯᠠᠭᠤᠷ ᠤᠨ ᠰᠣᠷᠪᠣᠯᠵᠢᠯᠠᠭᠴᠢᠳ ᠬᠠᠷᠠᠴᠢᠨ ᠬᠤᠰᠢᠭᠤᠨ ᠤ ᠰᠣᠶᠣᠯ ᠤᠨ ᠵᠢᠭᠤᠯᠴᠢᠯᠠᠯ᠂ ᠣᠲᠣ ᠦᠶ᠎ᠡ ᠶᠢᠨ ᠲᠠᠷᠢᠶᠠᠯᠠᠩ᠂ ᠨᠡᠶᠢᠭᠡᠮ ᠤᠨ ᠵᠠᠰᠠᠯᠲᠠ ᠵᠡᠷᠭᠡ ᠣᠯᠠᠨ ᠲᠠᠯ᠎ᠠ ᠶᠢᠨ ᠠᠭᠤᠯᠭ᠎ᠠ ᠶᠢ ᠲᠥᠪᠯᠡᠷᠡᠭᠦᠯᠦᠨ ᠰᠤᠷᠪᠤᠯᠵᠢᠯᠠᠪᠠ᠃   
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号