ᠵᠢᠨᠱᠠᠨ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠸᠠᠺᠼᠢᠨ ᠤ ᠲᠠᠷᠢᠯᠭ᠎ᠠ ᠶᠢᠨ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠪᠠ
ᠨᠡᠶᠢᠲᠡᠯᠡᠭᠰᠡᠨ ᠴᠠᠭ᠄
2022/7/21
ᠵᠢᠨᠱᠠᠨ ᠪᠠᠯᠭᠠᠰᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠸᠠᠺᠼᠢᠨ ᠤ ᠲᠠᠷᠢᠯᠭ᠎ᠠ ᠶᠢᠨ ᠠᠵᠢᠯ ᠢ ᠥᠨᠳᠥᠷ ᠪᠦᠲᠦᠮᠵᠢᠲᠡᠶ ᠪᠠᠷ ᠲᠦᠯᠬᠢᠨ ᠠᠬᠢᠭᠤᠯᠪᠠ    ᠸᠠᠺᠼᠢᠨ ᠤ ᠲᠠᠷᠢᠯᠭ᠎ᠠ ᠶᠢᠨ ᠠᠵᠢᠯ ᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠶᠢᠨ ᠲᠥᠯᠥᠭᠡ᠂ ᠵᠢᠨᠱᠠᠨ ᠪᠠᠯᠭᠠᠰᠤ ᠬᠠᠷᠢᠶᠠᠲᠤ ᠣᠷᠣᠨ ᠤ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠨᠢᠮᠪᠠᠶ ᠪᠠᠶᠢᠷᠢᠯᠠᠭᠤᠯᠵᠤ᠂ ᠰᠠᠢᠲᠤᠷ ᠵᠣᠬᠢᠶᠠᠨ ᠪᠠᠶᠢᠭᠤᠯᠵᠤ᠂ ᠬᠠᠷᠢᠭᠤᠴᠠᠯᠭ᠎ᠠ ᠶᠢᠨ ᠬᠠᠷᠠᠯᠲᠠ ᠪᠠᠨ ᠲᠣᠳᠣᠷᠬᠠᠶᠢᠯᠠᠨ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠰᠢᠨ᠎ᠡ ᠲᠢᠳᠡᠮᠯᠢᠭ ᠠᠭᠤᠰᠬᠢᠨ ᠦᠷᠪᠡᠰᠦᠯ ᠶᠢᠨ ᠸᠠᠺᠼᠢᠨ ᠤ ᠲᠠᠷᠢᠯᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠥᠨᠳᠥᠷ ᠪᠦᠲᠦᠮᠵᠢᠲᠡᠶ ᠪᠠᠷ ᠳᠥᠯᠭᠢᠨ ᠠᠬᠢᠭᠤᠯᠪᠠ᠃    ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠪᠠᠯᠭᠠᠰᠤᠨ ᠤ ᠨᠠᠮ ᠤᠨ ᠬᠤᠷᠢᠶ᠎ᠠ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠣᠯᠠᠨ ᠤᠳᠠᠭ᠎ᠠ ᠲᠤᠰᠬᠠᠶ ᠰᠡᠳᠦᠪᠲᠦ ᠬᠤᠷᠠᠯ ᠬᠤᠷᠠᠯᠳᠤᠭᠤᠯᠵᠤ ᠸᠠᠺᠼᠢᠨ ᠤ ᠲᠠᠷᠢᠯᠭ᠎ᠠ ᠶᠢᠨ ᠬᠠᠮᠢᠶ᠎ᠠ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠵᠢᠴᠢ ᠡᠯ᠎ᠡ ᠰᠠᠯᠠᠭ᠎ᠠ ᠮᠥᠴᠢᠷ ᠤᠨ ᠬᠢᠨ ᠸᠠᠺᠼᠢᠨ ᠤ ᠲᠠᠷᠢᠯᠭ᠎ᠠ ᠶᠢᠨ ᠠᠵᠢᠯ ᠤᠨ ᠡᠭᠡᠯᠢᠯᠡᠭᠡ ᠶᠢᠨ ᠬᠠᠯᠬᠠᠪᠴᠢ ᠶᠢ ᠪᠠᠶᠢᠭᠤᠯᠬᠤ ᠳᠤ ᠦᠵᠡᠭᠦᠯᠬᠦ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠱᠠᠲᠤ ᠦᠶ᠎ᠡ ᠶᠢᠨ ᠴᠢᠨᠠᠷᠲᠠᠶ ᠲᠠᠷᠢᠯᠭ᠎ᠠ ᠶᠢᠨ ᠬᠠᠷᠠᠯᠲᠠ ᠶᠢᠨ ᠡᠭᠦᠷᠭᠡ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠶ ᠭᠡᠵᠦ ᠱᠠᠭᠠᠷᠳᠠᠪᠠ᠃    ᠨᠢᠭᠡᠳᠦᠮᠡᠯ ᠹᠷᠣᠨᠲ ᠢ ᠪᠦᠷᠢᠯᠳᠦᠭᠦᠯᠵᠦ᠂ ᠲᠠᠷᠢᠯᠭ᠎ᠠ ᠶᠢ ᠡᠮᠬᠢ ᠵᠢᠷᠤᠮ ᠲᠠᠢ ᠪᠠᠷ ᠥᠷᠨᠢᠭᠦᠯᠦᠨ᠎ᠡ᠃ ᠪᠠᠯᠭᠠᠰᠤ᠂ ᠲᠣᠰᠬᠤᠨ᠂ ᠡᠷᠡᠭᠦᠯ ᠬᠠᠮᠠᠭᠠᠯᠠᠯ ᠤᠨ ᠬᠤᠷᠢᠶ᠎ᠠ ᠭᠤᠷᠪᠠᠨ ᠲᠠᠯ᠎ᠠ ᠪᠠᠷ ᠢᠶᠠᠨ ᠨᠢᠭᠲᠠ ᠬᠠᠮᠵᠢᠯᠴᠠᠵᠤ᠂ ᠨᠢᠭᠡᠳᠦᠮᠡᠯ ᠹᠷᠣᠨᠲ ᠢ ᠪᠦᠷᠢᠯᠳᠦᠭᠦᠯᠵᠦ᠂ ᠸᠠᠺᠼᠢᠨ ᠤ ᠲᠠᠷᠢᠯᠭ᠎ᠠ ᠶᠢᠨ ᠠᠵᠢᠯ ᠢ ᠨᠠᠷᠢᠯᠢᠭ ᠤᠨᠤᠪᠴᠢᠲᠠᠢ ᠥᠷᠨᠢᠭᠦᠯᠦᠨ᠎ᠡ᠃ ᠪᠠᠯᠭᠠᠰᠤᠨ ᠤ ᠪᠦᠬᠦ ᠲᠣᠰᠬᠤᠨ ᠳᠤ ᠰᠠᠭᠤᠭ᠎ᠠ ᠺᠠᠳ᠋ᠷ ᠲᠤᠰ ᠲᠣᠰᠬᠤᠨ ᠤ ᠪᠠᠨ ᠸᠠᠺᠼᠢᠨ ᠤ ᠲᠠᠷᠢᠯᠭ᠎ᠠ ᠶᠢᠨ ᠠᠵᠢᠯ ᠢ ᠬᠠᠷᠢᠭᠤᠴᠠᠬᠤ ᠶᠢᠨ ᠬᠠᠮᠲᠤ ᠳᠠᠭᠠᠨ᠎ᠠ︔ ᠪᠠᠯᠭᠠᠰᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠬᠢᠨ ᠡᠯ᠎ᠡ ᠲᠣᠰᠬᠤᠨ ᠲᠠᠢ ᠬᠠᠷᠢᠯᠴᠠᠨ ᠬᠠᠮᠵᠢᠯᠴᠠᠵᠤ᠂ ᠲᠠᠷᠢᠯᠭ᠎ᠠ ᠳᠤ ᠨᠡᠶᠢᠴᠡᠬᠦ ᠬᠥᠮᠦᠰ ᠤᠨ ᠲᠤᠭ᠎ᠠ ᠪᠠᠷᠢᠮᠲᠠ ᠶᠢ ᠤᠷᠢᠳᠴᠢᠯᠠᠨ ᠭᠠᠷᠭᠠᠵᠤ᠂ ᠲᠠᠷᠢᠯᠭ᠎ᠠ ᠶᠢᠨ ᠬᠥᠮᠦᠰ ᠢ ᠵᠦᠶ ᠵᠣᠬᠢᠰᠲᠠᠶ ᠲᠥᠯᠥᠪᠵᠢᠭᠦᠯᠦᠨ᠂ ᠠᠷᠤ ᠲᠠᠯ᠎ᠠ ᠶᠢᠨ ᠪᠠᠲᠤᠯᠠᠭ᠎ᠠ ᠶᠢ ᠰᠠᠶᠢᠲᠤᠷ ᠬᠢᠵᠦ᠂ ᠸᠠᠺᠼᠢᠨ ᠤ ᠲᠠᠷᠢᠯᠭ᠎ᠠ ᠶᠢᠨ ᠠᠵᠢᠯ ᠤᠨ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠶ᠃    ᠦᠢᠯᠡᠴᠢᠯᠡᠭᠡᠨ ᠤ ᠶᠠᠰᠤ ᠴᠢᠨᠠᠷ ᠢ ᠰᠢᠯᠢᠳᠡᠭᠵᠢᠭᠦᠯᠵᠦ᠂ ᠦᠷᠭᠦᠯᠵᠢᠯᠡᠨ ᠤᠬᠠᠭᠤᠯᠵᠤ ᠬᠥᠲᠥᠯᠦᠨ ᠵᠢᠯᠣᠭᠤᠳᠤᠨ᠎ᠠ᠃ ᠵᠢᠨᠱᠠᠨ ᠪᠠᠯᠭᠠᠰᠤ ᠦᠷᠭᠦᠯᠵᠢᠯᠡᠨ ᠲᠠᠨᠢᠯᠲᠠ ᠪᠠᠨ ᠳᠡᠭᠡᠭᠰᠢᠯᠡᠭᠦᠯᠵᠦ᠂ ᠪᠠᠲᠤᠯᠠᠭ᠎ᠠ ᠪᠠᠨ ᠴᠢᠩᠭᠠᠳᠬᠠᠨ᠂ ᠦᠢᠯᠡᠴᠢᠯᠡᠭᠡ ᠪᠠᠨ ᠰᠢᠯᠢᠳᠡᠭᠵᠢᠭᠦᠯᠵᠦ᠂ ᠣᠯᠠᠨ ᠲᠦᠮᠡᠨ ᠤ ᠦᠵᠡᠯ ᠰᠠᠨᠠᠭᠠᠨ ᠤ ᠳᠠᠶᠢᠴᠢᠯᠠᠯᠲᠠ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠵᠡᠷᠭᠡ ᠠᠵᠢᠯ ᠢ ᠢᠳᠡᠪᠬᠢᠲᠡᠶ ᠰᠠᠶᠢᠲᠤᠷ ᠬᠢᠪᠠ᠃ ᠲᠠᠷᠢᠯᠭ᠎ᠠ ᠬᠢᠬᠦ ᠶᠢᠨ ᠳᠠᠭᠠᠤ ᠤᠬᠠᠭᠤᠯᠬᠤ ᠠᠷᠭ᠎ᠠ ᠮᠠᠶ᠋ᠢᠭ ᠢ ᠠᠪᠴᠤ᠂ ᠳ᠋ᠢᠶᠠᠩᠬᠤᠸᠠ᠂ ᠸᠢᠴᠠᠲ᠂ ᠣᠬᠤᠷ ᠮᠡᠳᠡᠭᠡ᠂ ᠲᠣᠰᠬᠤᠨ ᠤ ᠪᠦᠷᠢᠶ᠎ᠡ᠂ ᠲᠤᠰᠬᠠᠶ ᠲᠡᠷᠭᠡ ᠪᠠᠷ ᠲᠤᠰᠴᠤ ᠬᠦᠷᠭᠡᠬᠦ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠸᠠᠺᠼᠢᠨ ᠤ ᠲᠠᠷᠢᠯᠭ᠎ᠠ ᠶᠢᠨ ᠢᠳᠡᠪᠬᠢ ᠦᠢᠯᠡᠳᠦᠯ ᠵᠢᠴᠢ ᠤᠯᠤᠰ ᠲᠠᠭᠠᠨ ᠦᠢᠯᠡᠳᠪᠦᠷᠢᠯᠡᠭᠰᠡᠨ ᠸᠠᠺᠼᠢᠨ ᠤ ᠠᠮᠤᠷ ᠲᠦᠪᠰᠢᠨ ᠴᠢᠨᠠᠷ ᠪᠠ ᠪᠦᠲᠦᠮᠵᠢᠲᠦ ᠴᠢᠨᠠᠷ ᠢ ᠭᠦᠢᠴᠡᠳ ᠤᠬᠠᠭᠤᠯᠵᠤ᠂ ᠣᠯᠠᠨ ᠲᠦᠮᠡᠨ ᠤ ᠡᠷᠡᠭᠡᠯᠵᠡᠭᠡ ᠶᠢ ᠠᠷᠢᠯᠭᠠᠬᠤ ᠬᠡᠷᠡᠭᠲᠡᠶ᠃    ᠲᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤ ᠠᠵᠢᠯ ᠤᠨ ᠲᠤᠷᠰᠢᠯᠭ᠎ᠠ ᠪᠠᠨ ᠳ᠋ᠦᠩᠨᠡᠵᠦ᠂ ᠪᠠᠭᠤᠷᠠᠶ ᠭᠤᠭᠴᠤᠭ᠎ᠠ ᠪᠠᠨ ᠡᠷᠢᠵᠦ᠂ ᠦᠢᠯᠡᠴᠢᠯᠡᠭᠡᠨ ᠤ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠵᠦ᠂ ᠸᠠᠺᠼᠢᠨ ᠤ ᠲᠠᠷᠢᠯᠭ᠎ᠠ ᠶᠢᠨ ᠡᠯ᠎ᠡ ᠵᠦᠢᠯ ᠤᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃ ᠪᠣᠳᠠᠲᠤ ᠠᠵᠢᠯᠯᠠᠭ᠎ᠠ ᠪᠠᠷ ᠢᠶᠠᠨ ᠤᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠤ ᠪᠠ ᠠᠮᠢ ᠨᠠᠰᠤᠨ ᠤ ᠠᠮᠤᠷ ᠲᠦᠪᠰᠢᠨ ᠢ ᠬᠠᠮᠠᠭᠠᠯᠠᠵᠤ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠦᠨᠡᠨ ᠬᠦ ᠪᠠᠲᠤ ᠪᠠᠬᠢ ᠪᠠᠶᠢᠭᠤᠯᠵᠤ᠂ ᠡᠭᠡᠯᠢᠯᠡᠭᠡ ᠶᠢᠨ ᠬᠠᠯᠬᠠᠪᠴᠢ ᠶᠢ ᠡᠷᠲᠡᠬᠡᠨ ᠪᠠᠶᠢᠭᠤᠯᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号