ᠪᠦᠦ ᠯᠢ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠪᠦᠯᠦᠭᠯᠡᠯ ᠬᠠᠷᠠᠴᠢᠨ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/27
ᠪᠦᠦ ᠯᠢ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠪᠦᠯᠦᠭᠯᠡᠯ ᠬᠠᠷᠠᠴᠢᠨ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ    7 ᠰᠠᠷ᠎ᠠ ᠶᠢᠨ 23 ᠤ ᠡᠳᠦᠷ᠂ ᠪᠦᠦ ᠯᠢ ᠪᠦᠯᠦᠭᠯᠡᠯ ᠤᠨ ᠶᠡᠷᠦᠩᠬᠡᠶ ᠳᠠᠭᠠᠭᠠᠮᠠᠯ ᠤᠨ ᠲᠤᠰᠠᠯᠠᠭᠴᠢ᠂ ᠪᠦᠦ ᠯᠢ ᠳᠤᠮᠳᠠᠳᠤ ᠤᠯᠤᠰ ᠤᠨ ᠬᠥᠩᠭᠡᠨ ᠠᠵᠤ ᠦᠢᠯᠡᠳᠪᠦᠷᠢ ᠶᠢᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠠᠨ ᠱᠧᠩ ᠵᠢᠶᠧ ᠪᠦᠯᠬᠦᠮ ᠳᠠᠭᠠᠭᠤᠯᠤᠨ ᠮᠠᠨ ᠤ ᠬᠤᠰᠢᠭᠤᠨ ᠳᠤ ᠬᠦᠷᠴᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠴᠡᠭ ᠲᠣᠭᠲᠠᠭᠠᠨ ᠬᠠᠪᠰᠤᠷᠤᠨ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠪᠠᠶᠢᠴᠠᠭᠠᠨ ᠰᠤᠳᠤᠯᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠯᠢᠦ ᠸᠧᠶ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠤᠢ ᠰᠢᠭᠤᠢ ᠶᠢᠨ ᠵᠣᠬᠢᠶᠠᠨ ᠪᠠᠶᠢᠭᠤᠯᠤᠯᠲᠠ ᠶᠢᠨ ᠸᠠᠩ ᠶᠧ ᠳ᠋ᠢᠶᠠᠨ ᠤ ᠤᠯᠠᠨ ᠴᠢᠳᠠᠮᠵᠢᠳᠦ ᠤᠢ ᠰᠢᠭᠤᠢ ᠶᠢ ᠪᠡᠶᠡᠴᠢᠯᠡᠨ ᠣᠶᠢᠯᠠᠭᠠᠬᠤ ᠰᠠᠭᠤᠷᠢᠨ ᠭᠠᠵᠠᠷ᠂ ᠮᠠ ᠠᠨ ᠱᠠᠨ ᠤ ᠰᠣᠶᠣᠯ ᠵᠤᠭᠠᠴᠠᠯ ᠰᠤᠷᠭᠠᠨ ᠬᠥᠮᠦᠵᠢᠯ ᠤᠨ ᠰᠤᠳᠤᠯᠭᠠᠨ ᠤ ᠰᠠᠭᠤᠷᠢᠨ ᠭᠠᠵᠠᠷ᠂ ᠮᠠ ᠠᠨ ᠱᠠᠨ ᠤ ᠤᠢ ᠰᠢᠭᠤᠢ ᠶᠢᠨ ᠲᠠᠯᠠᠪᠠᠢ ᠶᠢᠨ ᠶᠡᠷᠦᠩᠬᠡᠢ ᠱᠦᠵᠢ ᠶᠢᠨ ᠰᠢᠨᠵᠢᠯᠡᠨ ᠪᠠᠶᠢᠴᠠᠭᠠᠬᠤ ᠲᠤᠬᠠᠢ ᠶᠢᠨ ᠲᠠᠯᠠᠪᠠᠢ᠂ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠤ ᠠᠷᠠᠳ ᠤᠨ ᠵᠥᠪᠯᠡᠯ᠂ ᠰᠢᠶᠤᠤ ᠨᠢᠦ ᠴᠢᠶᠦ᠋ᠨ ᠪᠠᠯᠭᠠᠰᠤ ᠶᠢᠨ ᠪᠦᠦ ᠯᠢ ᠪᠦᠯᠦᠭᠯᠡᠯ ᠤᠨ ᠬᠥᠳᠡᠭᠡ ᠲᠣᠰᠬᠤᠨ ᠤ ᠨᠠᠰᠤᠲᠠᠶᠢᠴᠤᠳ ᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠲᠦᠷᠦᠯ ᠵᠦᠢᠯ ᠵᠡᠷᠭᠡ ᠭᠠᠵᠠᠷ ᠲᠤ ᠬᠦᠷᠴᠦ᠂ ᠲᠣᠭᠲᠠᠭᠰᠠᠨ ᠭᠠᠵᠠᠷ ᠲᠤ ᠬᠠᠪᠰᠤᠷᠤᠨ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠵᠠᠢ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠤᠮᠳᠠ ᠣᠯᠤᠭᠰᠠᠨ ᠠᠮᠵᠢᠯᠲᠠ ᠶᠢ ᠭᠦᠢᠴᠡᠳ ᠨᠤᠲᠠᠯᠠᠵᠤ ᠪᠠᠶᠢᠬᠤ ᠪᠠᠨ ᠢᠯᠡᠳᠬᠡᠬᠦ ᠶᠢᠨ ᠬᠠᠮᠲᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠡᠯ᠎ᠡ ᠵᠦᠢᠯ ᠤᠨ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠵᠤ ᠦᠢᠯᠡᠰ ᠢ ᠪᠤᠶᠢᠵᠢᠭᠤᠯᠬᠤ᠂ ᠲᠥᠷᠥᠯ ᠵᠦᠢᠯ ᠢᠶᠠᠷ ᠳᠠᠶᠢᠴᠢᠯᠠᠬᠤ᠂ ᠬᠡᠷᠡᠭᠯᠡᠭᠡ ᠪᠠᠷ ᠬᠠᠪᠰᠤᠷᠤᠨ ᠲᠡᠳᠬᠦᠬᠦ᠂ ᠴᠢᠳᠠᠪᠤᠷᠢᠲᠠᠨ ᠤ ᠰᠣᠯᠢᠯᠴᠠᠭ᠎ᠠ ᠵᠡᠷᠭᠡ ᠲᠠᠯ᠎ᠠ ᠶᠢᠨ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ︔ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠠᠵᠤ ᠦᠢᠯᠡᠰ ᠤᠨ ᠬᠥᠭᠵᠢᠯᠲᠡ ᠶᠢᠨ ᠲᠦᠪᠰᠢᠨ ᠢ ᠳᠡᠭᠡᠭᠰᠢᠯᠡᠭᠦᠯᠵᠦ᠂ ᠲᠦᠷᠦᠯ ᠵᠦᠢᠯ ᠤᠨ ᠪᠣᠳᠠᠲᠤ ᠦᠷ᠎ᠡ ᠪᠦᠲᠦᠮᠵᠢ ᠤᠯᠬᠤ ᠪᠠᠷ ᠴᠢᠷᠮᠠᠶᠢᠵᠤ᠂ ᠨᠡᠩ ᠤᠯᠠᠨ ᠲᠠᠷᠢᠶᠠᠴᠢᠳ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ︔ ᠬᠠᠪᠰᠤᠷᠤᠨ ᠲᠡᠳᠬᠦᠬᠦ ᠪᠡᠯᠡ ᠮᠥᠩᠭᠦ ᠶᠢ ᠤᠯᠠᠮ ᠨᠢᠭᠡ ᠠᠯᠬᠤᠮ ᠰᠠᠶᠢᠲᠤᠷ ᠠᠰᠢᠭᠯᠠᠵᠤ᠂ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠪᠠᠳᠠᠷᠠᠭᠤᠯᠬᠤ ᠬᠡᠷᠡᠭᠲᠡᠶ︔ ᠬᠤᠶᠠᠷ ᠲᠠᠯ᠎ᠠ ᠶᠢᠨ ᠨᠡᠩ ᠥᠷᠭᠡᠨ ᠬᠦᠷᠢᠶ᠎ᠡ᠂ ᠨᠡᠩ ᠭᠦᠨ ᠳᠠᠪᠬᠤᠷᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ ᠴᠢᠨᠠᠭᠰᠢᠳᠠ ᠠᠬᠢᠭᠤᠯᠵᠤ᠂ ᠴᠡᠭ ᠲᠣᠭᠲᠠᠭᠠᠨ ᠬᠠᠪᠰᠤᠷᠤᠨ ᠲᠡᠳᠬᠦᠬᠦ ᠠᠰᠢᠭᠲᠠᠢ ᠠᠵᠠ ᠲᠣᠬᠢᠶᠠᠯ ᠢ ᠭᠦᠢᠴᠡᠳ ᠡᠵᠡᠮᠳᠡᠨ ᠰᠠᠶᠢᠲᠤᠷ ᠠᠰᠢᠭᠯᠠᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠬᠠᠮᠲᠤᠷᠠᠯᠴᠠᠭ᠎ᠠ ᠬᠢᠵᠦ ᠬᠠᠮᠲᠤᠪᠠᠷ ᠠᠰᠢᠭ ᠬᠦᠷᠳᠡᠬᠦ ᠶᠢ ᠠᠬᠢᠭᠤᠯᠵᠤ᠂ ᠪᠦᠬᠦ ᠲᠠᠯ᠎ᠠ ᠶᠢᠨ᠂ ᠥᠨᠳᠥᠷ ᠲᠦᠪᠰᠢᠨ ᠲᠠᠢ ᠬᠠᠮᠲᠤᠷᠠᠯᠴᠠᠭᠠᠨ ᠤ ᠰᠢᠨ᠎ᠡ ᠪᠠᠶᠢᠳᠠᠯ ᠢ ᠳᠠᠰᠤᠷᠠᠯᠳᠠ ᠦᠬᠡᠢ ᠡᠭᠦᠳᠬᠦ ᠬᠡᠷᠡᠭᠲᠡᠢ ᠭᠡᠵᠦ ᠵᠢᠭᠠᠵᠤ ᠭᠠᠷᠭᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号