ᠱᠠᠨᠰᠢ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠡᠯ ᠬᠤ᠋ ᠨᠠᠷ ᠬᠠᠷᠠᠴᠢᠨ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/7/29
ᠱᠠᠨᠰᠢ ᠮᠤᠵᠢ ᠶᠢᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠡᠯ ᠬᠤ᠋ ᠨᠠᠷ ᠬᠠᠷᠠᠴᠢᠨ ᠬᠤᠰᠢᠭᠤᠨ ᠳᠤ ᠢᠷᠡᠵᠦ ᠰᠢᠨᠵᠢᠯᠡᠨ ᠪᠠᠶᠢᠴᠠᠭᠠᠪᠠ    7 ᠰᠠᠷ᠎ᠠ ᠶᠢᠨ 25 ᠤ ᠡᠳᠦᠷ᠂ ᠱᠠᠨᠰᠢ ᠮᠤᠵᠢ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠸᠠᠩ ᠡᠯ ᠬᠤ ᠨᠠᠷ ᠮᠠᠨ ᠤ ᠬᠤᠰᠢᠭᠤᠨ ᠳᠤ ᠬᠦᠷᠴᠦ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠳᠥᠯᠭᠢᠨ ᠠᠬᠢᠭᠤᠯᠵᠤ ᠬᠢᠲᠠᠳ ᠡᠮ ᠡᠮᠨᠡᠯᠭᠡ ᠶᠢᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠬᠤ ᠠᠵᠢᠯ ᠢ ᠪᠠᠢᠴᠠᠭᠠᠨ ᠰᠢᠨᠵᠢᠯᠡᠪᠡ᠃ ᠦᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠡᠷᠡᠭᠦᠯ ᠬᠠᠮᠠᠭᠠᠯᠠᠯ ᠪᠡᠶ᠎ᠡ ᠶᠢᠨ ᠲᠠᠮᠢᠷ ᠤᠨ ᠵᠥᠪᠯᠡᠯ ᠤᠨ ᠲᠤᠰᠬᠠᠶ ᠲᠤᠰᠢᠶᠠᠯᠲᠤ ᠳᠡᠳ᠋ ᠡᠷᠬᠢᠯᠡᠭᠴᠢ ᠶᠠᠩ ᠸᠧᠶ ᠳ᠋ᠦᠩ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠰᠤᠶᠤᠯᠴᠡᠴᠡᠭ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠬᠠᠨ ᠶᠦᠩ ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠵᠥᠪᠯᠡᠯ ᠤᠨ ᠱᠦᠵᠢ ᠵᠠᠩ ᠶᠠᠨ ᠪᠠᠷ᠎ᠠ ᠪᠣᠯᠪᠠ     ᠸᠠᠩ ᠡᠯ ᠬᠤ᠋ ᠨᠠᠷ ᠤᠷᠢᠳ ᠬᠤᠵᠢᠳ ᠨᠢᠦ ᠵᠢᠶᠠ ᠢᠩᠽᠢ ᠪᠠᠯᠭᠠᠰᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠦᠵᠡᠭᠦᠯᠦᠯᠭᠡ ᠶᠢᠨ ᠣᠷᠳᠣᠨ᠂ ᠤᠯᠠᠭᠠᠨᠬᠠᠳᠠ ᠶᠢᠨ ᠷᠦᠩ ᠰᠢᠩ ᠲᠠᠩ ᠡᠮ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠠᠷᠠᠴᠢᠨ ᠬᠤᠰᠢᠭᠤᠨ ᠤ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠵᠡᠷᠭᠡ ᠭᠠᠵᠠᠷ ᠢᠶᠠᠷ ᠭᠦᠨᠵᠡᠭᠡᠶᠢᠷᠡᠵᠦ᠂ ᠮᠠᠨ ᠤ ᠬᠤᠰᠢᠭᠤᠨ ᠤ ᠬᠢᠲᠠᠳ ᠡᠮ ᠤᠨ ᠮᠠᠲ᠋ᠧᠷᠢᠶᠠᠯ ᠤᠨ ᠲᠠᠷᠢᠮᠠᠯ ᠪᠣᠯᠤᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠸᠠᠩ ᠡᠯ ᠬᠤ ᠮᠠᠨ ᠤ ᠬᠤᠰᠢᠭᠤᠨ ᠤ ᠬᠢᠲᠠᠳ ᠡᠮ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠬᠢᠭᠰᠡᠨ ᠠᠵᠢᠯ ᠢ ᠭᠦᠢᠴᠡᠳ ᠨᠤᠲᠠᠯᠠᠪᠠ ᠃ ᠲᠡᠷᠡ ᠵᠢᠭᠠᠵᠤ ᠭᠠᠷᠭᠠᠭᠰᠠᠨ ᠨᠢ᠂ ᠬᠠᠷᠠᠴᠢᠨ ᠬᠤᠰᠢᠭᠤ ᠬᠢᠲᠠᠳ ᠡᠮ ᠤᠨ ᠠᠵᠤ ᠦᠢᠯᠡᠰ ᠤᠨ ᠬᠥᠭᠵᠢᠯᠲᠡ ᠶᠢ ᠣᠷᠣᠨ ᠪᠠᠶᠢᠷᠢ ᠶᠢᠨ ᠳᠠᠪᠠᠭᠤᠯᠢᠭ᠂ ᠠᠵᠤ ᠦᠢᠯᠡᠰ ᠤᠨ ᠳᠠᠪᠠᠭᠤᠯᠢᠭ᠂ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠨᠢᠭᠲᠠ ᠤᠶᠠᠯᠳᠤᠭᠤᠯᠵᠤ᠂ ᠣᠯᠠᠨ ᠡᠵᠡᠩᠨᠡᠯᠲᠡ ᠶᠢᠨ ᠬᠡᠯᠪᠡᠷᠢ ᠪᠠᠶᠢᠳᠠᠯ ᠢ ᠠᠭᠤᠰᠤᠯᠴᠠᠭᠤᠯᠤᠨ ᠬᠥᠭᠵᠢᠭᠦᠯᠬᠦ ᠪᠠ ᠬᠢᠲᠠᠳ ᠡᠮ ᠤᠨ ᠠᠵᠤ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠬᠢᠭᠤᠯᠵᠤ᠂ ᠬᠢᠲᠠᠳ ᠡᠮ ᠤᠨ ᠠᠵᠤ ᠦᠢᠯᠡᠰ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠰᠠᠶᠢᠨ ᠬᠥᠭᠵᠢᠯᠲᠡ ᠶᠢ ᠠᠬᠢᠭᠤᠯᠵᠤ᠂ ᠢᠯᠡᠳᠲᠡ ᠠᠮᠵᠢᠯᠲᠠ ᠪᠦᠲᠦᠮᠵᠢ ᠣᠯᠤᠭᠰᠠᠨ ᠪᠣᠯᠬᠤᠷ ᠯᠠᠪᠯᠠᠯᠲᠠ ᠪᠣᠯᠭᠠᠨ ᠰᠤᠷᠤᠯᠴᠠᠭᠤᠰᠢᠲᠠᠶ ᠶᠤᠮ ᠭᠡᠵᠡᠶ᠃ ᠬᠤᠶᠠᠷ ᠭᠠᠵᠠᠷ ᠤᠨ ᠬᠢᠨ ᠬᠤᠶᠢᠰᠢᠳᠠ ᠤᠯᠤᠯᠴᠠᠭ᠎ᠠ ᠪᠠᠨ ᠤᠯᠠᠮ ᠴᠢᠨᠠᠭᠰᠢᠳᠠ ᠥᠷᠨᠢᠭᠦᠯᠵᠦ᠂ ᠰᠣᠯᠢᠯᠴᠠᠭ᠎ᠠ ᠰᠤᠷᠤᠯᠴᠠᠯᠭ᠎ᠠ ᠪᠠᠨ ᠴᠢᠩᠭᠠᠳᠬᠠᠵᠤ᠂ ᠬᠠᠷᠢᠯᠴᠠᠨ ᠨᠡᠪᠲᠡᠷᠡᠯᠴᠡᠵᠦ ᠬᠠᠷᠢᠯᠴᠠᠨ ᠲᠤᠰᠠᠯᠠᠯᠴᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃    ᠵᠠᠩ ᠬᠤᠸᠠ ᠢᠯᠡᠷᠬᠡᠶᠢᠯᠡᠬᠦ ᠳᠡᠭᠡᠨ᠂ ᠮᠠᠨ ᠤ ᠬᠤᠰᠢᠭᠤ ᠬᠢᠲᠠᠳ ᠡᠮ ᠤᠨ ᠮᠠᠲ᠋ᠧᠷᠢᠶᠠᠯ ᠤᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠨᠡᠷᠡᠲᠦ ᠲᠡᠮᠳᠡᠭ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠳᠤᠮᠳᠠᠳᠤ ᠤᠯᠤᠰ ᠤᠨ ᠤᠮᠠᠷᠠᠲᠤ ᠶᠢᠨ ᠬᠢᠲᠠᠳ ᠮᠣᠩᠭᠤᠯ ᠡᠮ ᠤᠨ ᠮᠠᠲ᠋ᠧᠷᠢᠶᠠᠯ ᠤᠨ ᠦᠷ᠎ᠡ ᠪᠠ ᠵᠤᠯᠵᠠᠭ᠎ᠠ ᠮᠣᠳᠣᠨ ᠤ ᠬᠠᠩᠭᠠᠯᠭ᠎ᠠ ᠶᠢᠨ ᠰᠠᠭᠤᠷᠢᠨ ᠭᠠᠵᠠᠷ ᠢ ᠪᠠᠶᠢᠭᠤᠯᠬᠤ ᠪᠠᠷ ᠬᠠᠷᠠᠯᠲᠠ ᠪᠣᠯᠭᠠᠵᠤ᠂ ᠲᠥᠯᠥᠪᠵᠢᠭᠦᠯᠭᠡ ᠶᠢ ᠠᠳᠬᠤᠬᠤ᠂ ᠵᠢᠱᠢᠶ᠎ᠡ ᠦᠵᠡᠭᠦᠯᠬᠦ ᠶᠢ ᠠᠳᠬᠤᠬᠤ᠂ ᠵᠠᠬᠢᠶᠠᠯᠠᠭ᠎ᠠ ᠶᠢᠨ ᠬᠠᠭᠤᠳᠠᠰᠤ ᠶᠢ ᠠᠳᠬᠤᠬᠤ᠂ ᠡᠳ᠋ᠰᠢᠭᠦᠯᠬᠦ ᠶᠢ ᠠᠳᠬᠤᠬᠤ᠂ ᠵᠠᠬ᠎ᠠ ᠳᠡᠯᠭᠡᠭᠦᠷ ᠢ ᠠᠳᠬᠤᠬᠤ᠂ ᠲᠣᠭᠲᠠᠴᠠ ᠶᠢ ᠠᠳᠬᠤᠬᠤ ᠪᠠᠷ ᠳᠠᠮᠵᠢᠭᠤᠯᠤᠨ᠂ ᠬᠡᠪᠴᠢᠶᠡᠵᠢᠭᠦᠯᠦᠭᠰᠡᠨ ᠡᠮ ᠤᠨ ᠮᠠᠲ᠋ᠧᠷᠢᠶᠠᠯ ᠳᠠᠷᠢᠬᠤ ᠰᠠᠭᠤᠷᠢᠨ ᠭᠠᠵᠠᠷ ᠢ ᠶᠡᠬᠡᠪᠡᠷ ᠬᠥᠭᠵᠢᠭᠦᠯᠵᠦ᠂ ᠣᠨᠴᠠᠯᠢᠠᠠᠳᠣ ᠬᠤᠳᠠᠯᠳᠤᠭᠠᠨ ᠤ ᠡᠮ ᠤᠨ ᠵᠦᠢᠯ ᠢ ᠭᠦᠨᠵᠡᠭᠡᠶ ᠰᠤᠳᠤᠯᠤᠨ ᠨᠡᠭᠡᠭᠡᠬᠦ ᠪᠠ ᠨᠠᠷᠢᠯᠢᠭ ᠭᠦᠨᠵᠡᠭᠡᠶ ᠡᠳ᠋ᠰᠢᠭᠦᠯᠬᠦ ᠶᠢ ᠲᠦᠷᠭᠡᠳᠬᠡᠨ ᠠᠬᠢᠭᠤᠯᠵᠤ᠂ ᠬᠢᠲᠠᠳ ᠡᠮ ᠤᠨ ᠮᠠᠲ᠋ᠧᠷᠢᠶᠠᠯ ᠢ ᠬᠥᠮᠥᠷᠭᠡᠯᠡᠨ ᠬᠠᠳᠠᠭᠠᠯᠠᠬᠤ᠂ ᠪᠠᠷᠠᠭᠠᠨ ᠤ ᠭᠦᠢᠯᠭᠡᠭᠡᠨ ᠂ ᠠᠷᠠᠯᠵᠢᠶᠠᠯᠠᠬᠤ ᠰᠢᠰᠲ᠋ᠧᠮᠵᠢ ᠶᠢ ᠲᠡᠭᠦᠯᠳᠡᠷᠵᠢᠭᠦᠯᠦᠨ ᠂ ᠮᠡᠳᠡᠭᠡ ᠵᠠᠩᠭᠢ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠵᠤ᠂ ᠡᠮ ᠤᠨ ᠢᠷᠡᠯᠲᠡ ᠶᠢᠨ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠴᠢᠳᠠᠪᠤᠷᠢ ᠪᠠ ᠬᠢᠲᠠᠳ ᠡᠮ ᠤᠨ ᠠᠵᠤ ᠦᠢᠯᠡᠰ ᠤᠨ ᠶᠡᠷᠦᠩᠬᠡᠶᠢᠯᠡᠭᠰᠡᠨ ᠦᠷ᠎ᠡ ᠠᠰᠢᠭ ᠤᠨ ᠰᠢᠨ᠎ᠡ ᠰᠢᠪᠲᠤᠯᠤᠯᠲᠠ ᠶᠢ ᠴᠢᠷᠮᠠᠶᠢᠨ ᠪᠡᠶᠡᠯᠡᠭᠦᠯᠦᠨ᠎ᠡ᠃    ᠳᠠᠷᠠᠭ᠎ᠠ ᠳᠤᠨᠢ᠂ ᠸᠠᠩ ᠡᠯ ᠬᠤ᠋ ᠨᠠᠷ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠳᠤ ᠭᠦᠨᠵᠡᠭᠡᠶᠢᠷᠡᠨ ᠲᠤᠬᠠᠢ ᠶᠢᠨ ᠭᠠᠵᠠᠷ ᠢᠶᠠᠷ ᠰᠤᠷᠪᠤᠯᠵᠢᠯᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号