ᠪᠡᠭᠡᠵᠢᠩ ᠤᠨ ᠬᠤᠩ ᠹᠦ᠋ ᠪᠦᠯᠦᠭᠯᠡᠯ ᠤᠨ ᠬᠤᠸᠠᠩ ᠹᠦ᠋ ᠱᠦᠶ ᠲᠡᠷᠢᠭᠦᠯᠡᠭᠴᠢ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ
ᠨᠡᠶᠢᠲᠡᠯᠡᠭᠰᠡᠨ ᠴᠠᠭ᠄
2022/7/29
ᠪᠡᠭᠡᠵᠢᠩ ᠤᠨ ᠬᠤᠩ ᠹᠦ᠋ ᠪᠦᠯᠦᠭᠯᠡᠯ ᠤᠨ ᠬᠤᠸᠠᠩ ᠹᠦ᠋ ᠱᠦᠶ ᠲᠡᠷᠢᠭᠦᠯᠡᠭᠴᠢ ᠮᠠᠨ ᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠠ    7 ᠰᠠᠷ᠎ᠠ ᠶᠢᠨ 25 ᠤ ᠡᠳᠦᠷ ᠠᠴᠠ 26 ᠤ ᠡᠳᠦᠷ ᠪᠣᠯᠲᠠᠯ᠎ᠠ᠂ ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠬᠤᠸᠠᠩ ᠹᠦ᠋ ᠱᠦᠶ ᠮᠠᠨ ᠤ ᠬᠤᠰᠢᠭᠤᠨ ᠳᠤ ᠲᠠᠷᠢᠶᠠᠯᠠᠩ ᠵᠢᠭᠤᠯᠴᠢᠯᠠᠯ ᠶᠢᠨ ᠠᠵᠤ ᠦᠢᠯᠡᠰ ᠤᠨ ᠲᠥᠷᠥᠯ ᠵᠦᠢᠯ ᠢ ᠪᠠᠶᠢᠴᠠᠭᠠᠨ ᠰᠤᠳᠤᠯᠬᠤ ᠶᠢᠨ ᠬᠠᠮᠲᠤ ᠠᠮᠵᠢᠯᠲᠠ ᠲᠠᠢ ᠪᠠᠷ ᠭᠡᠷ᠎ᠡ ᠲᠣᠭᠲᠠᠪᠠ᠃ ᠬᠤᠰᠢᠭᠤᠨ ᠤᠳᠤᠷᠢᠳᠤᠯᠭ᠎ᠠ ᠹᠠᠩ ᠷᠦᠢ᠂ ᠵᠣᠣ ᠶᠠᠨ ᠬᠤᠩ᠂ ᠮᠠ ᠵᠢᠩ ᠬᠤᠸᠠ᠂ ᠵᠠᠩ ᠶᠠᠨ᠂ ᠶᠠᠩ ᠸᠧᠨ ᠳ᠋ᠦᠩ᠂ ᠸᠠᠩ ᠸᠧᠨ ᡁᠢ᠂ ᠪᠢᠴᠢᠭᠲᠦ ᠪᠠᠷ᠎ᠠ ᠪᠣᠯᠵᠣ᠂ ᠬᠤᠰᠢᠭᠤᠨ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠶᠠᠷᠢᠯᠴᠠᠬᠤ ᠬᠤᠷᠠᠯ ᠢ ᠡᠷᠭᠢᠯᠡᠪᠡ᠃    ᠬᠤᠸᠠᠩ ᠹᠦ᠋ ᠱᠦᠢ ᠵᠡᠷᠭᠡ ᠬᠥᠮᠦᠰ ᠤᠷᠢᠳ ᠬᠤᠵᠢᠳ ᠸᠠᠩ ᠶᠧ ᠹᠦ᠋ ᠪᠠᠯᠭᠠᠰᠤ ᠶᠢᠨ ᠬᠠᠲᠠᠭᠤ ᠵᠢᠮᠢᠰᠲᠦ ᠲᠥᠪᠡᠳ ᠬᠠᠰᠢ ᠶᠢᠨ ᠰᠠᠭᠤᠷᠢᠨ ᠭᠠᠵᠠᠷ᠂ ᠯᠦᠩ ᠱᠠᠨ ᠤ ᠲᠠᠷᠢᠶᠠᠯᠠᠩ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠵᠢᠵᠢᠭ ᠪᠠᠯᠭᠠᠰᠤᠨ ᠤ ᠲᠦᠷᠦᠯ ᠵᠦᠢᠯ ᠤᠨ ᠭᠠᠵᠠᠷ᠂ ᠨᠢᠦ ᠵᠢᠶᠠ ᠢᠩᠽᠢ ᠪᠠᠯᠭᠠᠰᠤ ᠶᠢᠨ ᠤᠯᠠᠭᠠᠨᠬᠠᠳᠠ ᠶᠢᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ᠂ ᠬᠢᠲᠠᠳ ᠮᠣᠩᠭᠤᠯ ᠡᠮ ᠤᠨ ᠮᠠᠲᠧᠷᠢᠶᠠᠯ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ᠂ ᠬᠢᠲᠠᠳ ᠮᠣᠩᠭᠤᠯ ᠡᠮ ᠤᠨ ᠮᠠᠲᠧᠷᠢᠶᠠᠯ ᠤᠨ ᠠᠵᠤ ᠦᠢᠯᠡᠰ ᠤᠨ ᠬᠥᠭᠵᠢᠯᠲᠡ ᠶᠢᠨ ᠬᠠᠮᠲᠤ ᠶᠢᠨ ᠴᠣᠭᠴᠠ ᠶᠢᠨ ᠠᠵᠢᠯᠯᠠᠭ᠎ᠠ ᠶᠢᠨ ᠲᠥᠪ᠂ ᠵᠢᠨᠱᠠᠨ ᠪᠠᠯᠭᠠᠰᠤ ᠶᠢᠨ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠶᠢᠯᠡᠭᠰᠡᠨ ᠴᠣᠭᠴᠠ ᠪᠣᠯᠤᠨ ᠾᠧᠨᠠᠨ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ ᠵᠡᠷᠭᠡ ᠭᠠᠵᠠᠷ ᠢᠶᠠᠷ ᠭᠦᠨᠵᠡᠭᠡᠶᠢᠷᠡᠪᠡ᠃ ᠲᠤᠬᠠᠶ ᠶᠢᠨ ᠭᠠᠵᠠᠷ ᠲᠤᠨᠢ ᠰᠤᠷᠪᠤᠯᠵᠢᠯᠠᠬᠤ ᠪᠠᠷ ᠳᠡᠮᠵᠢᠨ ᠮᠠᠨ ᠤ ᠬᠤᠰᠢᠭᠤᠨ ᠤ ᠲᠠᠷᠢᠶᠠᠯᠠᠩ ᠵᠢᠭᠤᠯᠴᠢᠯᠠᠯ ᠤᠨ ᠠᠵᠤ ᠦᠢᠯᠡᠰ ᠤᠨ ᠲᠥᠷᠥᠯ ᠵᠦᠢᠯ ᠤᠨ ᠬᠥᠭᠵᠢᠯᠲᠡ ᠶᠢᠨ ᠪᠠᠶᠢᠳᠠᠯ ᠢ ᠤᠢᠯᠭᠠᠪᠠ᠃    ᠰᠠᠭᠤᠳᠠᠯ ᠤᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠠᠶᠢᠳᠠᠯ ᠵᠢᠴᠢ ᠪᠠᠶᠢᠭᠠᠯᠢ ᠶᠢᠨ ᠡᠬᠢ ᠪᠠᠶᠠᠯᠢᠭ᠂ ᠳᠠᠷᠢᠵᠤ ᠲᠡᠵᠢᠭᠡᠨ ᠦᠷᠡᠵᠢᠭᠦᠯᠦᠭᠰᠡᠨ ᠪᠠᠶᠢᠳᠠᠯ ᠢ ᠲᠠᠨᠢᠯᠴᠠᠭᠤᠯᠪᠠ᠃ ᠹᠠᠩ ᠷᠦᠢ ᠵᠢᠭᠠᠵᠤ ᠭᠠᠷᠭᠠᠭᠰᠠᠨ ᠨᠢ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠭᠡᠷ᠎ᠡ ᠲᠣᠭᠲᠠᠨ ᠨᠠᠶᠢᠳᠠᠪᠤᠷᠢᠵᠢᠭᠤᠯᠤᠭᠳᠠᠭᠰᠠᠨ ᠶᠠᠪᠤᠳᠠᠯ ᠪᠣᠯ ᠬᠤᠩ ᠹᠦ᠋ ᠪᠦᠯᠦᠭᠯᠡᠯ ᠪᠣᠯᠤᠨ ᠬᠠᠷᠠᠴᠢᠨ ᠬᠤᠰᠢᠭᠤᠨ ᠤ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠶᠢᠨ ᠡᠬᠢᠯᠡᠯᠲᠡ ᠮᠥᠨ᠂ ᠮᠥᠨ ᠴᠦ ᠬᠠᠷᠠᠴᠢᠨ ᠬᠤᠰᠢᠭᠤᠨ ᠤ ᠲᠠᠷᠢᠶᠠᠯᠠᠩ ᠵᠢᠭᠤᠯᠴᠢᠯᠠᠯ ᠤᠨ ᠠᠵᠤ ᠦᠢᠯᠡᠰ ᠤᠨ ᠲᠦᠷᠭᠡᠨ ᠬᠥᠭᠵᠢᠯᠲᠡ ᠶᠢ ᠳᠥᠯᠭᠢᠨ ᠠᠬᠢᠭᠤᠯᠬᠤ ᠶᠢᠨ ᠪᠠᠰᠠ ᠨᠢᠭᠡᠨ ᠰᠠᠶᠢᠨ ᠡᠬᠢᠯᠡᠯᠲᠡ ᠮᠥᠨ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠤᠷ᠎ᠠ᠂ ᠲᠥᠷᠥᠯ ᠵᠦᠢᠯ ᠤᠨ ᠡᠬᠢᠯᠡᠯᠲᠡ ᠨᠢ ᠤᠯᠠᠭᠠᠨᠬᠠᠳᠠ ᠬᠤᠲᠠ ᠶᠢᠨ ᠲᠠᠷᠢᠶᠠᠯᠠᠩ ᠤᠨ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ᠂ ᠤᠶᠤᠨᠴᠢᠯᠠᠯᠲᠠ᠂ ᠣᠳᠣᠬᠢᠴᠢᠯᠠᠯᠲᠠ ᠶᠢᠨ ᠴᠢᠭᠯᠡᠯ ᠳᠠᠰᠢ ᠬᠥᠭᠵᠢᠬᠦ ᠶᠢ ᠬᠥᠲᠥᠯᠥᠨ ᠳᠠᠭᠠᠭᠤᠯᠬᠤ ᠨᠢ ᠯᠠᠪᠲᠠᠶ ᠶᠤᠮ᠃    ᠪᠡᠭᠡᠵᠢᠩ ᠤᠨ ᠬᠤᠩ ᠹᠦ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶ᠎ᠠ ᠶᠢᠨ ᠲᠡᠷᠢᠭᠦᠯᠡᠭᠴᠢ ᠬᠤᠸᠠᠩ ᠹᠦ᠋ ᠱᠦᠶ ᠢᠯᠡᠷᠬᠡᠶᠢᠯᠡᠬᠦ ᠳᠡᠭᠡᠨ᠂ ᠮᠠᠨ ᠤ ᠬᠤᠰᠢᠭᠤᠨ ᠤ ᠣᠷᠣᠨ ᠪᠠᠶᠢᠷᠢ ᠶᠢᠨ ᠳᠠᠪᠠᠭᠤᠯᠢᠭ ᠲᠣᠪᠤᠶᠢᠮ᠎ᠠ᠂ ᠠᠮᠢ ᠠᠬᠤᠶ ᠶᠢᠨ ᠣᠷᠴᠢᠨ ᠲᠣᠭᠤᠷᠢᠨ ᠰᠠᠶᠢᠨ᠂ ᠪᠠᠶᠢᠭᠠᠯᠢ ᠶᠢᠨ ᠨᠥᠬᠦᠴᠡᠯ ᠳᠠᠪᠠᠭᠤᠯᠢᠭ᠂ ᠰᠣᠶᠣᠯ ᠵᠢᠭᠤᠯᠴᠢᠯᠠᠯ ᠤᠨ ᠡᠬᠢ ᠪᠠᠶᠠᠯᠢᠭ ᠡᠯᠪᠡᠭ ᠪᠠᠶᠢᠵᠤ᠂ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠪᠠ ᠬᠥᠭᠵᠢᠯᠲᠡ ᠶᠢᠨ ᠰᠡᠳᠬᠢᠴᠡ ᠨᠢ ᠬᠤᠩ ᠹᠦ᠋ ᠪᠦᠯᠦᠭᠯᠡᠯ ᠤᠨ ᠲᠠᠷᠢᠶᠠᠯᠠᠩ ᠵᠢᠭᠤᠯᠴᠢᠯᠠᠯ ᠤᠨ ᠠᠭᠤᠰᠤᠯᠴᠠᠯ ᠤᠨ ᠲᠥᠷᠥᠯ ᠵᠦᠢᠯ ᠢ ᠬᠥᠭᠵᠢᠭᠦᠯᠬᠦ ᠰᠡᠳᠬᠢᠴᠡ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ᠂ ᠲᠥᠷᠥᠯ ᠵᠦᠢᠯ ᠤᠨ ᠭᠡᠷ᠎ᠡ ᠲᠣᠭᠲᠠᠭᠰᠠᠨ ᠤ ᠳᠠᠷᠠᠭ᠎ᠠ ᠮᠠᠨ ᠤ ᠬᠤᠰᠢᠭᠤ ᠲᠠᠢ ᠵᠣᠯᠭᠠᠯᠴᠠᠨ ᠨᠡᠪᠲᠡᠷᠡᠯᠴᠡᠬᠦ ᠪᠠᠨ ᠴᠢᠩᠭᠠᠳᠬᠠᠵᠤ᠂ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠤᠨ ᠦᠢᠯᠡᠳᠪᠦᠷᠢᠯᠡᠯ ᠳᠤ ᠣᠷᠣᠭᠤᠯᠬᠤ ᠶᠢ ᠠᠬᠢᠭᠤᠯᠤᠨ᠎ᠠ᠃ ᠲᠠᠷᠠᠭᠠᠴᠢ ᠶᠢᠨ ᠠᠯᠬᠤᠮ ᠳᠤ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠲᠠᠷᠢᠶᠠᠯᠠᠩ ᠵᠢᠭᠤᠯᠴᠢᠯᠠᠯ ᠤᠨ ᠲᠥᠷᠥᠯ ᠵᠦᠢᠯ ᠤᠨ ᠲᠤᠬᠠᠶ ᠭᠦᠨᠵᠡᠭᠡᠶ ᠶᠠᠷᠢᠯᠴᠠᠨ ᠰᠣᠯᠢᠯᠴᠠᠵᠤ᠂ ᠨᠠᠩ ᠣᠯᠠᠨ ᠰᠠᠶᠢᠨ ᠲᠥᠷᠥᠯ ᠵᠦᠢᠯ ᠢ ᠮᠠᠨ ᠤ ᠬᠤᠰᠢᠭᠤᠨ ᠳᠤ ᠨᠤᠲᠤᠭᠰᠢᠭᠤᠯᠬᠤ ᠪᠠᠷ ᠴᠢᠷᠮᠠᠶᠢᠨ᠎ᠠ᠃    ᠳᠡᠳ᠋ ᠬᠤᠰᠢᠭᠤᠨ ᠳᠠᠷᠤᠭ᠎ᠠ ᠪᠢᠴᠢᠭᠲᠦ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠤᠨ ᠬᠠᠮᠲᠤᠷᠠᠯᠴᠠᠭᠠᠨ ᠤ ᠲᠣᠭᠤᠷᠢᠨ ᠳᠤ ᠶᠠᠷᠢᠯᠴᠠᠬᠤ ᠬᠤᠷᠠᠯ ᠬᠢᠵᠦ᠂ ᠪᠡᠭᠡᠵᠢᠩ ᠤᠨ ᠬᠤᠩ ᠹᠦ᠋ ᠲᠠᠷᠢᠶᠠᠯᠠᠩ ᠤᠨ ᠪᠦᠯᠦᠭᠯᠡᠯ ᠤᠨ ᠳᠡᠳ᠋ ᠬᠡᠷᠡᠭ ᠮᠡᠳᠡᠭᠴᠢᠳ ᠤᠨ ᠳᠠᠷᠤᠭ᠎ᠠ ᠵᠤ ᠰᠢᠤᠸᠠᠢ ᠳ᠋ᠦᠩ ᠳᠡᠳ᠋ ᠬᠤᠰᠢᠭᠤᠨ ᠳᠠᠷᠤᠭ᠎ᠠ ᠪᠢᠴᠢᠭᠲᠦ ᠲᠠᠢ ᠲᠥᠷᠥᠯ ᠵᠦᠢᠯ ᠤᠨ ᠭᠡᠷ᠎ᠡ ᠲᠣᠭᠲᠠᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号