ᠸᠠᠩ ᠶᠧ ᠹᠦ᠋ ᠪᠠᠯᠭᠠᠰᠤ᠄ ᠦᠶᠡᠷ ᠢ ᠰᠡᠷᠭᠡᠶᠢᠯᠡᠬᠦ ᠠᠵᠢᠯ ᠢ ᠤᠷᠢᠳᠠᠪᠠᠷ ᠬᠢᠵᠦ ᠣᠯᠠᠨ ᠲᠦᠮᠡᠨ ᠤ ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2022/7/6
ᠸᠠᠩ ᠶᠧ ᠹᠦ᠋ ᠪᠠᠯᠭᠠᠰᠤ᠄ ᠦᠶᠡᠷ ᠢ ᠰᠡᠷᠭᠡᠶᠢᠯᠡᠬᠦ ᠠᠵᠢᠯ ᠢ ᠤᠷᠢᠳᠠᠪᠠᠷ ᠬᠢᠵᠦ ᠣᠯᠠᠨ ᠲᠦᠮᠡᠨ ᠤ ︽ᠠᠮᠤᠷ ᠲᠦᠪᠰᠢᠨ ᠤ ᠱᠤᠭᠤᠮ︾ ᠢ ᠪᠠᠲᠤ ᠴᠣᠭᠴᠠᠯᠠᠨ᠎ᠠ    ᠪᠥᠬᠦ ᠪᠠᠯᠭᠠᠰᠤᠨ ᠤ ᠠᠵᠤ ᠠᠬᠤᠶ ᠨᠡᠶᠢᠭᠡᠮ ᠤᠨ ᠠᠮᠤᠷ ᠲᠦᠪᠰᠢᠨ ᠬᠥᠭᠵᠢᠯᠲᠡ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠸᠠᠩ ᠶᠧ ᠹᠦ᠋ ᠪᠠᠯᠭᠠᠰᠤᠨ ᠤ ᠬᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢᠨ ᠤᠬᠠᠮᠰᠠᠷ ᠢ ᠪᠠᠲᠤ ᠪᠠᠬᠢ ᠪᠣᠶ ᠪᠣᠯᠭᠠᠵᠤ᠂ ᠶᠡᠭᠡ ᠲᠣᠬᠢᠶᠠᠯᠳᠤᠮᠵᠢ ᠶᠢᠨ ᠰᠡᠳᠬᠢᠬᠦᠶ ᠪᠠᠷ ᠪᠠᠭ᠎ᠠ ᠲᠣᠬᠢᠶᠠᠯᠳᠤᠮᠵᠢ ᠶᠢᠨ ᠬᠡᠷᠡᠭ ᠢ ᠠᠷᠭᠠᠴᠠᠵᠤ᠂ ︽ᠶᠡᠭᠡ ᠦᠶᠡᠷ ᠢ ᠰᠡᠷᠭᠡᠶᠢᠯᠡᠬᠦ᠂ ᠶᠡᠭᠡ ᠦᠶᠡᠷ ᠲᠠᠢ ᠲᠡᠮᠡᠴᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠠᠴᠠ ᠠᠪᠤᠷᠬᠠᠤ︾ ᠦᠵᠡᠯ ᠰᠠᠨᠠᠭᠠᠨ ᠳᠤ ᠰᠠᠭᠤᠷᠢᠯᠠᠨ᠂ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠬᠠᠤᠯᠢ ᠶᠣᠰᠣᠭᠠᠷ᠂ ᠰᠢᠨᠵᠢᠯᠡᠬᠦ ᠤᠬᠠᠭᠠᠨᠴᠢ᠂ ᠥᠨᠳᠥᠷ ᠪᠦᠲᠦᠮᠵᠢᠲᠡᠶ᠂ ᠡᠮᠬᠢ ᠵᠢᠷᠤᠮ ᠲᠠᠢ ᠪᠠᠷ ᠰᠠᠶᠢᠲᠤᠷ ᠬᠢᠭᠰᠡᠨ ᠪᠠᠶᠢᠨ᠎ᠠ᠃    ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠪᠠᠶᠢᠷᠢᠯᠠᠭᠤᠯᠤᠯᠲᠠ ᠪᠠᠨ ᠴᠢᠩᠭᠠᠳᠬᠠᠨ᠎ᠠ᠃ ᠸᠠᠩ ᠶᠧ ᠹᠦ᠋ ᠪᠠᠯᠭᠠᠰᠤ ᠦᠶᠡᠷ ᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠦᠶᠡᠷ ᠢ ᠰᠡᠷᠭᠡᠶᠢᠯᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠤᠯᠠᠨ ᠤᠳᠠᠭ᠎ᠠ ᠬᠤᠷᠠᠯᠳᠤᠭᠤᠯᠵᠤ᠂ ᠡᠷᠲᠡ ᠠᠴᠠ ᠲᠥᠯᠥᠪᠵᠢᠭᠦᠯᠵᠦ ᠡᠷᠲᠡ ᠠᠴᠠ ᠪᠠᠶᠢᠷᠢᠯᠠᠭᠤᠯᠬᠤ ᠶᠢ ᠪᠠᠷᠢᠮᠲᠠᠯᠠᠨ᠂ ᠲᠡᠷᠡ ᠳᠠᠷᠤᠶ ᠳᠤᠨᠢ ᠡᠯ᠎ᠡ ᠭᠠᠴᠠᠭᠠᠨ ᠳᠤ ᠴᠢᠭᠯᠡᠭᠦᠯᠦᠨ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠬᠤ ᠪᠦᠷᠢᠨ ᠲᠡᠭᠦᠯᠳᠡᠷ ᠲᠥᠰᠦᠯ ᠢ ᠲᠣᠭᠲᠠᠭᠠᠵᠤ᠂ ᠦᠶᠡᠷ ᠢ ᠰᠡᠷᠭᠡᠶᠢᠯᠡᠬᠦ ᠡᠩᠨᠡᠭᠡ ᠶᠢ ᠵᠣᠬᠢᠶᠠᠨ ᠪᠠᠶᠢᠭᠤᠯᠵᠤ᠂ ᠦᠶᠡᠷ ᠢ ᠰᠡᠷᠭᠡᠶᠢᠯᠡᠬᠦ ᠡᠳ᠋ ᠪᠣᠳᠠᠰ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠦᠶᠡᠷ ᠢ ᠰᠡᠷᠭᠡᠶᠢᠯᠡᠬᠦ ᠬᠢᠵᠢᠭ ᠢ ᠰᠡᠷᠭᠡᠶᠢᠯᠡᠬᠦ ᠠᠶᠤᠯ ᠠᠴᠠ ᠠᠪᠤᠷᠠᠬᠤ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠳᠡᠭᠡᠭᠰᠢᠯᠡᠭᠦᠯᠵᠦ᠂ ᠦᠶᠡᠷ ᠢ ᠰᠡᠷᠭᠡᠶᠢᠯᠡᠬᠦ ᠪᠡᠯᠡᠳᠬᠡᠯ ᠬᠦᠴᠦᠨ ᠢ ᠤᠯᠠᠮ ᠨᠢᠭᠡ ᠠᠯᠬᠤᠮ ᠴᠢᠩᠭᠠᠳᠬᠠᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠪᠠᠲᠤᠯᠠᠬᠤ ᠶᠢ ᠦᠨᠡᠨ ᠬᠦ ᠲᠡᠷᠢᠭᠦᠨ ᠪᠠᠶᠢᠷᠢᠨ ᠳᠤ ᠲᠠᠯᠪᠢᠪᠠ᠃    ᠵᠢᠭᠰᠠᠭᠠᠨ ᠪᠠᠶᠢᠴᠠᠭᠠᠬᠤ ᠶᠢ ᠪᠣᠳᠠᠲᠠᠶ ᠪᠠᠷ ᠠᠳᠬᠤᠵᠤ᠂ ᠳᠠᠯᠳᠠ ᠬᠡᠮ ᠦᠯᠡᠳᠡᠭᠡᠬᠦ ᠥᠬᠡᠶ ᠪᠠᠶᠢᠬᠤ ᠬᠡᠷᠡᠭᠲᠡᠶ᠃ ᠸᠠᠩ ᠶᠧ ᠹᠦ᠋ ᠪᠠᠯᠭᠠᠰᠤᠨ ᠤ ᠦᠶᠡᠷ ᠢ ᠰᠡᠷᠭᠡᠶᠢᠯᠡᠬᠦ ᠳᠠᠯᠳᠠ ᠬᠡᠮ ᠢ ᠪᠠᠶᠢᠴᠠᠭᠠᠨ ᠵᠠᠰᠠᠬᠤ ᠳᠤ ᠬᠠᠷᠢᠭᠤᠴᠠᠯᠭ᠎ᠠ ᠶᠢᠨ ᠳᠦᠷᠢᠮ᠂ ᠪᠠᠶᠢᠭᠤᠯᠤᠮᠵᠢ ᠲᠣᠭᠲᠠᠴᠠ᠂ ᠡᠳ᠋ ᠪᠣᠳᠠᠰ ᠤᠨ ᠪᠠᠲᠤᠯᠠᠭ᠎ᠠ᠂ ᠡᠩᠨᠡᠭᠡᠨ ᠤ ᠪᠠᠶᠢᠭᠤᠯᠤᠯᠲᠠ᠂ ᠵᠢᠵᠢᠭᠦᠷᠯᠡᠨ ᠰᠠᠬᠢᠬᠤ᠂ ᠠᠵᠢᠯᠲᠠᠨ ᠢ ᠰᠢᠯᠵᠢᠭᠦᠯᠵᠦ ᠠᠶᠤᠯ ᠠᠴᠠ ᠵᠠᠶᠢᠯᠠᠬᠤ ᠵᠡᠷᠭᠡ ᠲᠠᠯ᠎ᠠ ᠪᠠᠷ ᠭᠤᠣᠯᠳᠠᠯᠭ᠎ᠠ ᠪᠣᠯᠭᠠᠵᠤ᠂ ᠡᠯ᠎ᠡ ᠲᠣᠰᠬᠤᠨ ᠤ ᠥᠪᠡᠷᠲᠡᠭᠡᠨ ᠪᠠᠶᠢᠴᠠᠭᠠᠬᠤ᠂ ᠲᠣᠰᠬᠤᠨ ᠳᠠᠷᠠᠭᠠᠯᠠᠨ ᠪᠠᠶᠢᠴᠠᠭᠠᠬᠤ ᠵᠡᠷᠭᠡ ᠠᠷᠭ᠎ᠠ ᠬᠡᠯᠪᠡᠷᠢ ᠪᠠᠷ ᠡᠯ᠎ᠡ ᠲᠣᠰᠬᠤᠨ ᠢ ᠵᠣᠬᠢᠶᠠᠨ ᠪᠠᠶᠢᠭᠤᠯᠤᠨ ᠪᠦᠬᠦ ᠪᠠᠯᠭᠠᠰᠤᠨ ᠤ ᠬᠡᠪᠴᠢᠶᠡᠨ ᠳᠠᠬᠢ ᠭᠤᠣᠯ ᠤᠨ ᠭᠤᠤ᠂ ᠬᠥᠭᠦᠷᠭᠡ ᠶᠢᠨ ᠭᠤᠯᠳᠤᠩ᠂ ᠭᠡᠷ ᠪᠠᠶᠢᠰᠢᠩ᠂ ᠠᠶᠤᠯ ᠲᠠᠢ ᠪᠠᠷᠢᠯᠭ᠎ᠠ ᠶᠢᠨ ᠬᠡᠰᠡᠭ ᠲᠤ ᠨᠠᠷᠢᠨ ᠨᠢᠭᠲᠠ ᠪᠠᠶᠢᠴᠠᠭᠠᠯᠲᠠ ᠬᠢᠵᠦ᠂ ᠲᠠᠩᠰᠠᠯᠠᠨ ᠳᠡᠪᠲᠡᠷᠯᠡᠵᠦ᠂ ᠨᠣᠮᠧᠷ ᠢ ᠨᠢ ᠬᠠᠰᠤᠬᠤ ᠬᠠᠮᠢᠶᠠᠷᠤᠯᠲᠠ ᠶᠢ ᠬᠡᠷᠡᠭᠵᠢᠭᠦᠯᠵᠦ᠂ ᠳᠠᠷᠦ᠋ᠢᠬᠠᠨ ᠴᠡᠭᠴᠡᠯᠡᠨ ᠵᠠᠰᠠᠵᠤ ᠳᠡᠶᠢᠯᠬᠦ ᠦᠭᠡᠢ ᠳᠤᠨᠢ ᠲᠦᠷ ᠴᠠᠭ ᠤᠨ ᠠᠷᠭ᠎ᠠ ᠬᠡᠮᠵᠢᠶ᠎ᠡ ᠠᠪᠴᠤ᠂ ᠦᠶᠡᠷ ᠤᠨ ᠬᠤᠭᠤᠴᠠᠭᠠᠨ ᠤ ᠠᠮᠤᠷ ᠲᠦᠪᠰᠢᠨ ᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ᠃    ︽ᠳᠠᠷᠠᠭᠠᠴᠢ ᠶᠢᠨ ᠠᠯᠬᠤᠮ ᠳᠤ ᠸᠠᠩ ᠶᠧ ᠹᠦ᠋ ᠪᠠᠯᠭᠠᠰᠤᠨ ᠤ ᠬᠢᠨ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠤᠨ᠂ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠵᠦ᠂ ᠪᠦᠬᠦ ᠪᠠᠯᠭᠠᠰᠤᠨ ᠤ ᠦᠶᠡᠷ ᠢ ᠰᠡᠷᠭᠡᠶᠢᠯᠡᠬᠦ ᠪᠡᠯᠡᠳᠬᠡᠯ ᠠᠵᠢᠯ ᠢ ᠦᠷᠭᠦᠯᠵᠢᠯᠡᠨ ᠥᠷᠨᠢᠭᠦᠯᠵᠦ᠂ ᠦᠶᠡᠷ ᠢ ᠰᠡᠷᠭᠡᠶᠢᠯᠡᠬᠦ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠡᠭᠡᠭᠰᠢᠯᠡᠭᠦᠯᠦᠨ᠂ ᠦᠶᠡᠷ ᠢ ᠰᠡᠷᠭᠡᠶᠢᠯᠡᠬᠦ ᠬᠢᠵᠢᠭ ᠢ ᠰᠡᠷᠭᠡᠶᠢᠯᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠪᠦᠬᠦ ᠪᠠᠯᠭᠠᠰᠤᠨ ᠤ ᠦᠶᠡᠷ ᠢ ᠰᠡᠷᠭᠡᠶᠢᠯᠡᠬᠦ ᠠᠵᠢᠯ ᠢ ᠨᠢᠭᠡᠳᠦᠯᠲᠡᠶ ᠲᠥᠯᠥᠪᠯᠡᠨ ᠡᠮᠬᠢ ᠵᠢᠷᠤᠮ ᠲᠠᠢ ᠪᠠᠷ ᠥᠷᠨᠢᠭᠦᠯᠬᠦ ᠶᠢ ᠦᠨᠡᠨᠬᠦ ᠪᠠᠲᠤᠯᠠᠵᠤ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ ︾ ᠭᠡᠵᠦ ᠸᠠᠩ ᠶᠧ ᠹᠦ᠋ ᠪᠠᠯᠭᠠᠰᠤᠨ ᠤ ᠪᠠᠯᠭᠠᠰᠤᠨ ᠳᠠᠷᠤᠭ᠎ᠠ ᠯᠢ ᠴᠢᠩ ᠯᠢ ᠢᠯᠡᠳᠬᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号