ᠨᠠᠷᠢᠨ ᠪᠠᠯᠭᠠᠰᠤᠨ ᠤ ᠨᠠᠮ ᠤᠨ ᠬᠤᠷᠢᠶ᠎ᠡ ᠄ ᠨᠠᠮ ᠤᠨ ᠪᠠᠶᠢᠭᠤᠯᠤᠯᠲᠠ ᠶᠢᠨ ᠬᠦᠴᠦᠨ ᠢ | ᠨᠢᠭᠲᠠᠷᠠᠭᠤᠯᠵᠤ ︽ᠤᠷᠠᠨ ᠠᠷᠭ᠎ᠠ︾ ᠪᠠᠷ ᠦᠨᠳᠦᠰᠦᠨ ᠱᠠᠲᠤᠨ ᠳᠤ ᠵᠠᠰᠠᠯᠲᠠ | ᠬᠢᠨ᠎ᠡ | ᠦᠨᠳᠦᠰᠦᠨ ᠱᠠᠲᠤᠨ ᠤ ᠵᠠᠰᠠᠯᠲᠠ ᠶᠢᠨ ᠠᠵᠢᠯ ᠨᠢ ᠬᠦᠴᠢᠷ | ᠪᠤᠳᠠᠯᠢᠶᠠᠨᠲᠠᠢ ᠪᠠᠶᠢᠵᠤ᠂ ᠠᠷᠠᠳ ᠢᠷᠭᠡᠳ ᠤᠨ ᠬᠡᠷᠡᠭᠴᠡᠭᠡ ᠲᠤᠰ ᠲᠤᠰ ᠲᠠᠭᠠᠨ | ᠠᠳᠠᠯᠢ ᠦᠭᠡᠶ ᠃ ᠨᠡᠶᠢᠭᠡᠮ ᠲᠣᠭᠤᠷᠢᠭ ᠤᠨ ᠵᠠᠰᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ | ᠲᠥᠯᠥᠭᠡ᠂ ᠨᠠᠷᠢᠨ ᠪᠠᠯᠭᠠᠰᠤᠨ ᠤ ᠨᠠᠮ ᠤᠨ ᠬᠤᠷᠢᠶ᠎ᠡ ︽ᠨᠠᠮ ᠤᠨ ᠪᠠᠶᠢᠭᠤᠯᠤᠯᠲᠠ ᠶᠢᠨ | ᠴᠢᠳᠠᠪᠤᠷᠢ ᠣᠯᠭᠤᠬᠤ᠂ ᠦᠨᠳᠦᠰᠦᠨ ᠱᠠᠲᠤᠨ ᠤ ᠵᠠᠰᠠᠯᠲᠠ ᠶᠢ ᠨᠢᠭᠡ ᠰᠦᠯᠵᠢᠶ᠎ᠡ ᠪᠠᠷ | ᠨᠢᠭᠡᠳᠦᠯᠲᠡᠢ ᠲᠥᠯᠥᠪᠵᠢᠭᠦᠯᠬᠦ︾ ᠵᠠᠰᠠᠯᠲᠠ ᠶᠢᠨ ᠵᠠᠭᠪᠤᠷ ᠢ ᠢᠳᠡᠪᠬᠢᠲᠡᠢ ᠪᠠᠶᠢᠭᠤᠯᠵᠤ᠂ ᠰᠢᠶᠠᠩ ᠪᠠᠯᠭᠠᠰᠤᠨ ᠤ | ᠲᠤᠤᠷᠵᠢᠯᠠᠭᠰᠠᠨ ᠦᠢᠯᠡᠴᠢᠯᠡᠭᠡᠨ ᠤ ᠬᠠᠮᠢᠶᠠᠷᠤᠯᠲᠠ ᠶᠢ ᠤᠨᠢᠨ ᠳᠡᠭᠡᠷ᠎ᠡ ᠨᠢ | ᠰᠢᠯᠢᠳᠡᠭᠵᠢᠭᠦᠯᠬᠦ ᠶᠢ ᠠᠬᠢᠭᠤᠯᠵᠤ᠂ ᠣᠳᠣᠬᠠᠨ ᠳᠤ ︽ᠪᠦᠷᠢᠨ ᠴᠢᠳᠠᠪᠤᠷᠢᠲᠤ ᠲᠣᠣᠷᠵᠢᠯ︾ ᠨᠢ ᠨᠢᠭᠡᠨᠲᠡ ᠠᠷᠠᠳ | ᠤᠯᠠᠨ ᠳᠤ ᠮᠡᠳᠡᠷᠡᠭᠳᠡᠭᠰᠡᠨ ᠦᠢᠯᠡᠴᠢᠯᠡᠭᠡᠨ ᠤ ᠨᠡᠷ᠎ᠡ ᠶᠢᠨ ᠬᠠᠭᠤᠳᠠᠰᠤ ᠪᠣᠯᠪᠠ᠂ ᠡᠨᠡ ᠨᠢ ᠪᠠᠰᠠ ᠴᠤ | ᠨᠠᠷᠢᠨ ᠪᠠᠯᠭᠠᠰᠤᠨ ᠤ ᠨᠠᠮ ᠤᠨ ᠬᠤᠷᠢᠶ᠎ᠡ ᠶᠢᠨ ᠨᠠᠮ ᠤᠨ ᠪᠠᠶᠢᠭᠤᠯᠤᠯᠲᠠ ᠪᠠᠷ | ᠦᠨᠳᠦᠰᠦᠨ ᠱᠠᠲᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠶᠢ ᠬᠠᠶᠢᠨ ᠰᠦᠪᠡᠭᠴᠢᠯᠡᠭᠰᠡᠨ ᠤ ᠠᠮᠢᠳᠤᠯᠢᠭ | ᠬᠤᠷᠢᠶᠠᠩᠭᠤᠢ ᠳᠦᠷᠰᠦ ᠪᠣᠯᠤᠨ᠎ᠠ᠃ | ᠣᠯᠠᠨ ᠰᠦᠯᠵᠢᠶ᠎ᠡ ᠶᠢ ᠨᠢᠭᠡᠳᠬᠡᠵᠦ᠂ ᠬᠠᠮᠢᠶᠠᠷᠤᠯᠲᠠ ᠶᠢᠨ ︽ᠨᠢᠭᠡ ᠰᠦᠯᠵᠢᠶ᠎ᠡ︾ ᠶᠢ ᠨᠢᠭᠲᠠ ᠰᠦᠯᠵᠢᠨ᠎ᠡ᠃ | ᠨᠠᠢ ᠯᠢᠨ ᠪᠠᠯᠭᠠᠰᠤ ᠶᠢᠨ ᠬᠢᠨ ᠪᠠᠯᠭᠠᠰᠤ ᠶᠢᠨ ᠬᠡᠪᠴᠢᠶᠡᠨ ᠳᠣᠲᠣᠷ᠎ᠠ ᠪᠠᠨ ︽ᠨᠠᠮ ᠤᠨ ᠪᠠᠶᠢᠭᠤᠯᠤᠯᠲᠠ + | ᠲᠣᠣᠷᠵᠢᠯ ᠤᠨ ᠳᠠᠷᠤᠭ᠎ᠠ + ᠲᠣᠣᠷᠵᠢᠯ ᠤᠨ ᠠᠵᠢᠯᠳᠠᠨ + ᠰᠠᠶᠢᠨ ᠳᠤᠷ᠎ᠠ ᠶᠢᠨ ᠠᠵᠢᠯᠯᠠᠭᠴᠢ︾ ᠶᠢᠨ ᠵᠠᠭᠪᠤᠷ ᠢ | ᠡᠭᠦᠳᠴᠦ᠂ ᠲᠣᠰᠬᠤᠨ ᠤ ᠳᠤᠭᠤᠶᠢᠯᠠᠩ᠂ ᠠᠰᠠᠷ ᠤᠨ ᠠᠰᠠᠷ ᠢᠶᠠᠷ ᠦᠨᠳᠦᠰᠦᠨ ᠨᠢᠭᠡᠴᠢ ᠪᠣᠯᠭᠠᠵᠤ᠂ ᠪᠠᠶᠢᠩᠭᠤ | ᠰᠠᠭᠤᠭ᠎ᠠ ᠡᠷᠦᠬᠡ ᠶᠢᠨ 30 — 50 ᠡᠷᠦᠬᠡ ᠶᠢᠨ ᠶᠣᠰᠣᠭᠠᠷ 1 ᠲᠤᠰᠬᠠᠢ ᠲᠤᠰᠢᠶᠠᠯ ᠤᠨ ᠲᠣᠣᠷᠵᠢᠯ ᠤᠨ | ᠠᠵᠢᠯᠳᠠᠨ ᠲᠤᠬᠢᠷᠠᠭᠤᠯᠵᠤ᠂ ᠲᠣᠰᠬᠤᠨ ᠢᠶᠠᠷ ᠵᠠᠭᠠᠭ ᠪᠣᠯᠭᠠᠨ ᠪᠦᠬᠦ ᠪᠠᠯᠭᠠᠰᠤᠨ ᠤ ᠲᠤᠮᠤ ᠲᠣᠣᠷᠵᠢᠯ ᠳᠤ | ᠨᠢᠭᠡᠳᠦᠯᠲᠡᠢ ᠠᠭᠤᠰᠤᠯᠴᠠᠵᠤ᠂ ᠪᠠᠯᠭᠠᠰᠤ ᠶᠢ 182 ᠲᠣᠣᠷᠵᠢᠯ ᠳᠤ ᠬᠤᠪᠢᠶᠠᠵᠤ᠂ 182 ᠲᠤᠰᠬᠠᠢ ᠲᠤᠰᠢᠶᠠᠯ ᠤᠨ | ᠲᠣᠣᠷᠵᠢᠯ ᠤᠨ ᠠᠵᠢᠯᠳᠠᠨ᠂ 244 ᠲᠤᠰᠢᠶᠠᠯ ᠬᠠᠪᠰᠤᠷᠭᠠᠭᠰᠠᠨ ᠲᠣᠣᠷᠵᠢᠯ ᠤᠨ ᠠᠵᠢᠯᠳᠠᠨ ᠢ ᠲᠤᠬᠢᠷᠠᠭᠤᠯᠪᠠ᠃ | ᠳᠡᠭᠡᠷ᠎ᠡ ᠳᠣᠤᠷ᠎ᠠ ᠱᠠᠲᠤ ᠬᠤᠯᠪᠤᠭᠠᠯᠠᠨ ᠬᠠᠮᠲᠤᠷᠠᠵᠤ ᠂ ᠡᠴᠦᠰ ᠤᠨ | ︽ᠨᠢᠭᠡ ᠺᠢᠯᠣᠮᠧᠲᠷ︾ ᠢ ᠨᠡᠪᠲᠡᠷᠡᠭᠦᠯᠦᠨ᠎ᠡ᠃ ᠪᠠᠯᠭᠠᠰᠤ ︽ᠪᠠᠯᠭᠠᠰᠤᠨ ᠤ ᠨᠠᠮ ᠤᠨ ᠬᠤᠷᠢᠶ᠎ᠡ | — ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ — ᠨᠠᠮ ᠤᠨ | ᠳᠤᠭᠤᠶᠢᠯᠠᠩ ᠤᠨ ᠲᠤᠤᠷᠵᠢᠯᠠᠯ — ᠲᠤᠤᠷᠵᠢᠯᠠᠯ ᠤᠨ ᠳᠠᠷᠤᠭ᠎ᠠ︾ | ᠲᠦᠷᠪᠡᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠪᠦᠬᠦ ᠲᠠᠯ᠎ᠠ ᠪᠠᠷ ᠪᠠᠶᠢᠭᠤᠯᠵᠤ᠂ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠨᠠᠮ ᠤᠨ ᠭᠡᠰᠢᠭᠦᠨ | ᠭᠤᠤᠯᠯᠠᠭᠴᠢ ᠬᠦᠴᠦᠨ᠂ ᠭᠤᠤᠯᠳᠠᠯᠭ᠎ᠠ ᠲᠠᠢ ᠠᠵᠤ ᠠᠬᠤᠶᠢᠯᠠᠯ ᠤᠨ ᠨᠠᠮ ᠤᠨ ᠭᠡᠰᠢᠭᠦᠨ ᠬᠠᠷᠢᠭᠤᠴᠠᠯᠭᠠᠲᠠᠨ᠂ | ᠰᠠᠶᠢᠨ ᠳᠤᠷ᠎ᠠ ᠶᠢᠨ ᠠᠵᠢᠯᠯᠠᠭᠴᠢ ᠵᠡᠷᠭᠡ ᠨᠢ ᠲᠡᠳᠡᠨ ᠢ ᠬᠥᠲᠥᠯᠦᠨ ᠵᠢᠯᠣᠭᠤᠳᠴᠤ ᠪᠠᠶᠢᠭᠠᠳ ᠲᠣᠤᠷᠵᠢᠯ ᠤᠨ | ᠵᠠᠰᠠᠯᠲᠠ ᠳᠤ ᠠᠭᠤᠰᠤᠯᠴᠠᠭᠤᠯᠤᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠰᠢᠰᠲ᠋ᠧᠮᠵᠢ ᠶᠢ ᠪᠠᠶᠢᠭᠤᠯᠵᠤ᠂ | ᠲᠣᠰᠬᠤᠨ ︵ᠨᠡᠶᠢᠭᠡᠮ ᠲᠣᠭᠤᠷᠢᠭ︶ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠴᠠ ᠲᠣᠤᠷᠵᠢᠯ ᠤᠨ | ᠳᠠᠷᠤᠭ᠎ᠠ ᠶᠢᠨ ᠲᠤᠰᠢᠶᠠᠯ ᠢ ᠬᠠᠪᠰᠤᠷᠭᠠᠨ ᠡᠭᠦᠷᠭᠡᠯᠡᠵᠦ᠂ ᠲᠣᠤᠷᠵᠢᠯ ᠤᠨ ᠳᠣᠲᠣᠷᠠᠬᠢ ᠡᠳᠦᠷ ᠲᠤᠲᠤᠮ ᠤᠨ ᠠᠵᠢᠯ ᠢ | ᠵᠣᠬᠢᠶᠠᠨ ᠪᠠᠶᠢᠭᠤᠯᠤᠨ ᠵᠣᠬᠢᠴᠠᠭᠤᠯᠵᠤ᠂ ᠬᠠᠷᠢᠶ᠎ᠠ ᠣᠷᠣᠨ ᠤ ᠲᠣᠤᠷᠵᠢᠯ ᠤᠨ ᠠᠵᠢᠯᠲᠠᠨ ᠤ ᠡᠭᠦᠷᠭᠡ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠰᠢᠮᠳᠠᠭᠤᠯᠤᠨ᠎ᠠ᠃ | ᠣᠯᠠᠨ ᠡᠰᠢᠴᠢᠯᠡᠨ ᠬᠠᠮᠲᠤ ᠪᠠᠷ ᠵᠠᠰᠠᠵᠤ᠂ ᠪᠥᠬᠦ ᠪᠠᠯᠭᠠᠰᠤ ᠪᠠᠷ ᠢᠶᠠᠨ ︽ᠨᠢᠭᠡ ᠬᠥᠯᠭᠡ ᠰᠢᠲᠠᠷ᠎ᠠ︾ ᠶᠢ | ᠪᠡᠶᠡᠯᠡᠭᠦᠯᠦᠨ᠎ᠡ᠃ ᠨᠠᠷᠢᠨ ᠪᠠᠯᠭᠠᠰᠤ ᠶᠢᠨ ᠬᠢᠨ ︽ᠨᠠᠮ ᠤᠨ ᠪᠠᠶᠢᠭᠤᠯᠤᠯᠲᠠ ᠶᠢᠨ ᠨᠢᠭᠲᠠᠷᠠᠯ ᠤᠨ | ᠬᠦᠴᠦᠨ ᠢ ᠨᠢᠭᠡᠳᠬᠡᠵᠦ᠂ ᠨᠢᠭᠡ ᠲᠣᠣᠷ ᠢᠶᠠᠷ ᠨᠢᠭᠡᠳᠦᠯᠲᠡᠢ ᠲᠥᠯᠥᠪᠵᠢᠭᠦᠯᠬᠦ︾ ᠠᠵᠢᠯ ᠤᠨ ᠵᠠᠭᠪᠤᠷ ᠢᠶᠠᠷ ︽ᠶᠡᠭᠡ | ᠨᠠᠮ ᠤᠨ ᠪᠠᠶᠢᠭᠤᠯᠤᠯᠲᠠ︾ ᠶᠢᠨ ᠪᠠᠶᠢᠷᠢᠰᠢᠯ ᠢ ᠪᠤᠶ ᠪᠣᠯᠭᠠᠵᠤ᠂ ᠡᠯ᠎ᠡ ᠨᠠᠮ ᠣᠯᠠᠨ ᠲᠦᠮᠡᠨ ᠤ ᠦᠢᠯᠡᠴᠢᠯᠡᠭᠡᠨ ᠤ | ᠲᠥᠪ ᠲᠤ ᠲᠦᠰᠢᠭᠯᠡᠨ ᠪᠣᠳᠠᠲᠤ ᠴᠣᠭᠴᠠᠲᠤ ᠠᠵᠢᠯ ᠤᠨ ᠲᠠᠪᠴᠠᠩ ᠢ ᠪᠠᠶᠢᠭᠤᠯᠵᠤ᠂ ︽ᠨᠠᠮ ᠤᠨ ᠪᠠᠶᠢᠭᠤᠯᠤᠯᠲᠠ + | ᠲᠣᠣᠷᠵᠢᠯ︾ ᠤᠨ ᠵᠠᠭᠪᠤᠷ ᠢ ᠶᠡᠬᠡᠪᠡᠷ ᠬᠡᠷᠡᠭᠵᠢᠭᠦᠯᠵᠦ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ᠂ | ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶᠢᠯᠠᠯ ᠤᠨ ᠨᠠᠮ ᠤᠨ ᠪᠠᠶᠢᠭᠤᠯᠤᠯᠲᠠ ᠪᠣᠯᠤᠨ ᠬᠥᠳᠡᠭᠡ ᠲᠣᠰᠬᠤᠨ ᠤ | ᠨᠠᠮ ᠤᠨ ᠪᠠᠶᠢᠭᠤᠯᠤᠯᠲᠠ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ ᠶᠢ ᠭᠦᠨᠵᠡᠭᠡᠢ ᠠᠬᠢᠭᠤᠯᠵᠤ᠂ | ᠲᠣᠣᠷᠵᠢᠯ ᠤᠨ ᠬᠦᠴᠦᠨ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠯ᠎ᠡ ᠬᠦᠷᠢᠶᠡᠨ ᠤ ᠨᠠᠮ ᠤᠨ ᠵᠣᠬᠢᠶᠠᠨ | ᠪᠠᠶᠢᠭᠤᠯᠤᠯᠲᠠ ᠶᠢ ᠭᠠᠷ ᠤᠨ ᠦᠰᠦᠭ ᠵᠢᠷᠤᠭᠰᠠᠨ ᠵᠠᠰᠠᠯᠲᠠ ᠶᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ | ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠢ ᠲᠣᠣᠷᠵᠢᠯ ᠤᠨ ᠱᠤᠭᠤᠮ ᠳᠤ ᠲᠥᠪᠯᠡᠷᠡᠭᠦᠯᠵᠦ᠂ ᠦᠨᠳᠦᠰᠦᠨ | ᠱᠠᠲᠤᠨ ᠤ ᠵᠠᠰᠠᠯᠲᠠ ᠶᠢᠨ ︽ᠨᠢᠭᠡ ᠬᠥᠯᠭᠡ ᠰᠢᠳᠠᠷ᠎ᠠ︾ ᠶᠢ ᠪᠣᠳᠠᠲᠠᠢ ᠪᠠᠷ ᠠᠮᠢᠳᠤᠯᠢᠭ ᠪᠣᠯᠭᠠᠬᠤ ᠬᠡᠷᠡᠭᠲᠡᠢ᠃ | | | | | | | | | |