ᠮᠠᠨ ᠤ ᠬᠤᠰᠢᠭᠤ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠵᠤ ᠨᠠᠮ ᠪᠠᠶᠢᠭᠤᠯᠤᠭᠳᠠᠭᠰᠠᠨ | 101 ᠵᠢᠯ ᠤᠨ ᠣᠢ ᠶᠢ ᠪᠡᠯᠭᠡᠯᠡᠬᠦ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠥᠷᠨᠢᠭᠦᠯᠪᠡ | ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠢ ᠶᠢ ᠪᠡᠯᠭᠡᠯᠡᠵᠦ᠂ | ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠠᠬᠠᠮᠠᠳ ᠺᠠᠳ᠋ᠷᠴᠤᠳ ᠤᠨ | ᠠᠵᠢᠯᠯᠠᠭ᠎ᠠ ᠶᠢᠨ ᠲᠥᠪ ᠠᠴᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠢ ᠵᠣᠬᠢᠶᠠᠨ ᠪᠠᠶᠢᠭᠤᠯᠤᠨ ︽ᠶᠡᠷᠦᠩᠬᠡᠶ | ᠱᠦᠵᠢ ᠶᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠠᠷᠪᠠᠨ | ᠳᠥᠷᠪᠡᠳᠦᠭᠡᠷ ᠲᠠᠪᠤᠨ ᠵᠢᠯ ᠤᠨ ᠭᠠᠪᠢᠶ᠎ᠠ ᠪᠠᠶᠢᠭᠤᠯᠬᠤ︾ ᠭᠤᠣᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ | ᠥᠷᠨᠢᠭᠦᠯᠪᠡ᠃ ᠠᠵᠢᠯ ᠠᠴᠠ ᠪᠠᠨ ᠠᠮᠠᠷᠠᠭᠰᠠᠨ ᠵᠠᠭᠤ ᠰᠢᠬᠠᠮ ᠠᠬᠠᠮᠠᠳ ᠨᠥᠬᠦᠳ ᠨᠢᠭᠡ ᠲᠠᠩᠬᠢᠮ ᠳᠤ ᠴᠤᠭᠯᠠᠷᠠᠵᠤ᠂ | ᠠᠵᠤ ᠦᠢᠯᠡᠰ ᠤᠨ ᠬᠥᠭᠵᠢᠯᠲᠡ᠂ ᠵᠤᠭᠠᠴᠠᠯ ᠤᠨ ᠰᠣᠶᠣᠯ ᠤᠨ ᠲᠦᠷᠦᠯ ᠵᠦᠢᠯ ᠢ ᠰᠢᠨᠵᠢᠯᠡᠨ ᠪᠠᠶᠢᠴᠠᠭᠠᠵᠤ᠂ | ᠨᠠᠮ ᠤᠨ ᠲᠦᠷᠦᠭᠰᠡᠨ ᠡᠳᠦᠷ ᠢ ᠪᠡᠯᠭᠡᠯᠡᠪᠡ᠃ | ᠬᠠᠷᠠᠴᠢᠨ ᠲᠥᠪᠡᠳ ᠬᠠᠰᠢ ᠶᠢᠨ ᠦᠵᠡᠭᠦᠯᠦᠯᠭᠡ ᠶᠢᠨ ᠣᠷᠳᠣᠨ ᠳᠤ᠂ ᠠᠬᠠᠮᠠᠳ ᠺᠠᠳ᠋ᠷᠴᠤᠳ ᠲᠥᠪᠡᠳ | ᠬᠠᠰᠢ ᠶᠢᠨ ᠰᠣᠶᠣᠯ᠂ ᠰᠢᠮ᠎ᠡ ᠲᠡᠵᠢᠭᠡᠯ ᠤᠨ ᠦᠨ᠎ᠡ ᠥᠷᠲᠡᠭ ᠪᠠ ᠮᠠᠨ ᠤ ᠬᠤᠰᠢᠭᠤᠨ ᠤ ᠲᠥᠪᠡᠳ ᠬᠠᠰᠢ ᠶᠢᠨ | ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠶᠢ ᠪᠥᠬᠦ ᠲᠠᠯ᠎ᠠ ᠪᠠᠷ ᠣᠶᠢᠯᠠᠭᠠᠪᠠ᠃ ᠲᠡᠳᠡ ᠶᠠᠪᠤᠬᠤ ᠶᠢᠨ | ᠳᠠᠭᠠᠤ ᠦᠵᠡᠵᠦ᠂ ᠵᠢᠯᠣᠭᠤᠳᠤᠭᠴᠢ ᠶᠢᠨ ᠨᠠᠷᠢᠨ ᠲᠠᠢᠯᠪᠤᠷᠢᠯᠠᠯᠲᠠ ᠶᠢ ᠰᠣᠨᠣᠰᠴᠤ᠂ ᠮᠠᠨ ᠤ ᠬᠤᠰᠢᠭᠤᠨ ᠤ ᠲᠥᠪᠡᠳ | ᠬᠠᠰᠢ ᠶᠢᠨ ᠠᠵᠤ ᠦᠢᠯᠡᠰ ᠤᠨ ᠬᠥᠭᠵᠢᠯᠲᠡ ᠳᠤ ᠣᠯᠤᠭᠰᠠᠨ ᠠᠮᠵᠢᠯᠲᠠ ᠶᠢ ᠮᠠᠭᠳᠠᠨ | ᠰᠠᠢᠰᠢᠶᠠᠨ᠎ᠠ᠃ | ᠬᠠᠷᠠᠴᠢᠨ ᠴᠢᠨ ᠸᠠᠩ ᠤᠨ ᠣᠷᠳᠣᠨ ᠳᠤ᠂ ᠠᠵᠢᠯᠲᠠᠳ ᠤᠨ ᠲᠠᠶᠢᠯᠤᠮᠵᠢ ᠬᠢᠬᠦ᠂ ᠲᠡᠤᠬᠡ ᠶᠢᠨ ᠬᠡᠷᠡᠯ ᠵᠢᠷᠤᠭ ᠢ | ᠦᠵᠡᠬᠦ᠂ ᠪᠣᠳᠠᠲᠤ ᠪᠣᠳᠠᠰ ᠤᠨ ᠪᠣᠳᠠᠲᠤ ᠦᠵᠡᠮᠵᠢ ᠶᠢ ᠰᠣᠨᠢᠷᠬᠠᠬᠤ ᠪᠠᠷ ᠳᠡᠮᠵᠢᠨ᠂ ᠠᠬᠠᠮᠠᠳ ᠺᠠᠳ᠋ᠷᠴᠤᠳ ᠨᠠᠮ ᠤᠨ | ᠵᠠᠭᠤᠨ ᠵᠢᠯ ᠤᠨ ᠲᠡᠤᠬᠡ ᠪᠠ ᠮᠠᠨ ᠤ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠦᠷ᠎ᠡ | ᠪᠦᠲᠦᠮᠵᠢ ᠶᠢ ᠡᠷᠭᠢᠴᠡᠭᠦᠯᠵᠦ᠂ ᠨᠠᠮ ᠳᠤ ᠤᠷᠤᠭᠰᠠᠨ ᠣᠭ ᠰᠠᠨᠠᠭ᠎ᠠ ᠶᠢ ᠣᠶᠢᠯᠠᠭᠠᠬᠤ ᠶᠢᠨ ᠬᠠᠮᠲᠤ ᠨᠠᠮ ᠤᠨ | ᠵᠣᠬᠢᠶᠠᠨ ᠪᠠᠶᠢᠭᠤᠯᠤᠯᠲᠠ ᠶᠢᠨ ᠲᠡᠳᠡᠨ ᠢ ᠬᠠᠯᠠᠮᠵᠢᠯᠠᠨ ᠬᠠᠶᠢᠷᠠᠯᠠᠵᠤ ᠪᠠᠶᠢᠭ᠎ᠠ ᠶᠢ ᠣᠶᠢᠯᠠᠭᠠᠵᠠᠶ᠃ | ᠮᠡᠢᠷᠡᠨ ᠬᠦᠨᠳᠡᠢ ᠳᠤ᠂ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠪᠠᠷᠠᠭᠤᠨ | ᠭᠠᠷ ᠢᠶᠠᠨ ᠲᠥᠪ ᠴᠢᠩᠭ᠎ᠠ ᠪᠠᠷ ᠡᠷᠭᠦᠵᠦ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ | ᠨᠠᠮ ᠪᠠ ᠠᠷᠠᠳ ᠲᠦᠮᠡᠨ ᠳᠡᠭᠡᠨ ᠬᠢᠵᠠᠭᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠪᠠᠨ ᠡᠷᠡᠰ ᠴᠢᠩᠭ᠎ᠠ ᠪᠥᠭᠡᠳ | ᠣᠮᠤᠭ ᠲᠡᠭᠦᠯᠳᠡᠷ ᠲᠠᠩᠭᠠᠷᠢᠭ ᠢᠶᠠᠷ ᠢᠶᠠᠨ ᠢᠯᠡᠳᠬᠡᠵᠡᠶ᠃ | ᠣᠯᠠᠨ ᠢᠶᠠᠷ ᠢᠶᠠᠨ ᠢᠯᠡᠷᠬᠡᠶᠢᠯᠡᠭᠰᠡᠨ ᠨᠢ᠂ ᠬᠤᠶᠢᠰᠢᠳᠠ ᠦᠷᠭᠦᠯᠵᠢᠯᠡᠨ | ᠬᠠᠯᠠᠭᠤᠨ ᠬᠠᠢᠷ᠎ᠠ ᠪᠤᠯᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ | ᠂ ᠪᠦᠭᠦ ᠬᠤᠰᠢᠭᠤᠨ ᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠠᠩᠬᠠᠷᠤᠨ ᠬᠠᠯᠠᠮᠵᠢᠯᠠᠵᠤ᠂ ᠨᠠᠩ ᠣᠷᠭᠢᠯᠤᠮ᠎ᠠ | ᠬᠠᠯᠠᠭᠤᠨ ᠰᠡᠳᠬᠢᠯᠭᠡ ᠪᠠᠷ ᠢᠳᠡᠪᠬᠢᠲᠡᠶ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠪᠦᠭᠦ | ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠨ᠎ᠡ ᠭᠡᠵᠡᠶ᠃ | |