ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠯᠦᠩ ᠱᠠᠨ ᠤ ᠲᠠᠷᠢᠶᠠᠯᠠᠩ ᠵᠤᠭᠠᠴᠠᠯ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠵᠢᠭ ᠪᠠᠯᠭᠠᠰᠤᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/6
ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠯᠦᠩ ᠱᠠᠨ ᠤ ᠲᠠᠷᠢᠶᠠᠯᠠᠩ ᠵᠤᠭᠠᠴᠠᠯ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠵᠢᠭ ᠪᠠᠯᠭᠠᠰᠤᠨ ᠤ ᠲᠥᠷᠥᠯ ᠵᠦᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ    7 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠯᠦᠩ ᠱᠠᠨ ᠤ ᠲᠠᠷᠢᠶᠠᠯᠠᠩ ᠵᠢᠭᠤᠯᠴᠢᠯᠠᠯ ᠡᠷᠡᠭᠦᠯ ᠮᠡᠨᠳᠦ ᠶᠢᠨ ᠰᠤᠪᠢᠯᠠᠯᠲᠠ ᠶᠢᠨ ᠵᠢᠵᠢᠭ ᠪᠠᠯᠭᠠᠰᠤᠨ ᠤ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠳᠠᠷᠤᠭ᠎ᠠ ᠪᠢᠴᠢᠭᠲᠦ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃    ᠹᠠᠩ ᠷᠦᠢ ᠵᠢᠭᠠᠵᠤ ᠭᠠᠷᠭᠠᠭᠰᠠᠨ ᠨᠢ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠨᠢ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠬᠤᠯᠪᠣᠭᠳᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠬᠠᠷᠢᠭᠤᠴᠠᠯᠭᠠᠲᠠᠨ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠲᠠᠰᠤᠷᠠᠯᠲᠠ ᠥᠬᠡᠶ ᠴᠢᠩᠭᠠᠳᠬᠠᠵᠤ᠂ ᠴᠠᠭ ᠤᠨ ᠬᠦᠰᠦᠨᠦᠭᠲᠦ ᠪᠠ ᠡᠭᠦᠷᠭᠡ ᠶᠢᠨ ᠪᠢᠴᠢᠭ ᠭᠠᠷᠭᠠᠵᠤ᠂ ᠵᠢᠷᠤᠭ ᠡᠯᠭᠦᠨ ᠪᠠᠶᠢᠯᠳᠤᠵᠤ᠂ ᠲᠥᠷᠥᠯ ᠵᠦᠢᠯ ᠢ ᠡᠷᠲᠡᠬᠡᠨ ᠪᠠᠶᠢᠭᠤᠯᠵᠤ ᠠᠰᠢᠭᠯᠠᠯᠲᠠ ᠳᠤ ᠣᠷᠣᠭᠤᠯᠬᠤ ᠶᠢ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠢ ᠪᠤᠶᠢᠵᠢᠭᠤᠯᠬᠤ ᠬᠡᠷᠡᠭᠲᠡᠶ᠃    ᠹᠠᠩ ᠷᠦᠢ ᠴᠢᠬᠤᠯᠠᠴᠢᠯᠠᠬᠤ ᠳᠠᠭᠠᠨ᠂ ᠡᠯ᠎ᠡ ᠰᠠᠯᠠᠭ᠎ᠠ ᠮᠥᠴᠢᠷ ᠤᠨ ᠬᠢᠨ ᠲᠥᠷᠥᠯ ᠵᠦᠢᠯ ᠤᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠨᠠᠩ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠯᠢᠪᠠ ᠪᠦᠬᠦᠨ ᠶᠢ ᠲᠥᠷᠥᠯ ᠵᠦᠢᠯ ᠤᠨ ᠲᠣᠭᠤᠷᠢᠨ ᠳᠤ ᠬᠤᠪᠢᠷᠠᠭᠤᠯᠵᠤ᠂ ᠠᠯᠢᠪᠠ ᠪᠦᠬᠦᠨ ᠶᠢ ᠲᠥᠷᠥᠯ ᠵᠦᠢᠯ ᠤᠨ ᠲᠣᠭᠤᠷᠢᠨ ᠳᠤ ᠠᠵᠢᠯᠯᠠᠬᠤ ᠬᠡᠷᠡᠭᠲᠡᠶ︔ ᠬᠠᠷᠠᠯᠲᠠ ᠡᠭᠦᠷᠭᠡ ᠪᠠᠨ ᠲᠣᠳᠣᠷᠬᠠᠶᠢᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠠᠵᠢᠯᠯᠠᠭ᠎ᠠ ᠶᠢᠨ ᠤᠬᠠᠮᠰᠠᠷ ᠢᠶᠠᠷ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ︔ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠷᠢᠯᠢᠬᠵᠢᠭᠤᠯᠵᠤ᠂ ᠳᠡᠭᠡᠳᠦ ᠳᠤᠤᠷᠠᠳᠤ ᠱᠠᠳᠤ ᠪᠠᠷ ᠢᠶᠠᠨ ᠰᠡᠳᠬᠢᠯ ᠨᠢᠭᠡᠳᠴᠦ᠂ ᠬᠦᠴᠦᠷᠬᠡᠭ ᠶᠡᠭᠡ ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠬᠤᠷᠳᠤᠴᠠ ᠶᠢ ᠳᠡᠭᠡᠭᠰᠢᠯᠡᠭᠦᠯᠵᠦ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃    ᠬᠤᠰᠢᠭᠤᠨ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠪᠣᠯᠤᠮᠵᠢ ᠶᠢᠨ ᠴᠢᠨᠠᠷᠲᠠᠶ ᠰᠠᠨᠠᠯ ᠰᠠᠨᠠᠭᠤᠯᠭ᠎ᠠ ᠳᠤᠷᠠᠳᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号