ᠵᠢᠨᠱᠠᠨ ᠪᠠᠯᠭᠠᠰᠤ᠄ ᠡᠮ ᠡᠮᠨᠡᠯᠭᠡ ᠶᠢᠨ ᠳᠠᠭᠠᠳᠬᠠᠯ ᠤᠨ ᠪᠣᠯᠪᠠᠰᠤᠷᠠᠭᠤᠯᠤᠯ ᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/7/8
ᠵᠢᠨᠱᠠᠨ ᠪᠠᠯᠭᠠᠰᠤ᠄ ᠡᠮ ᠡᠮᠨᠡᠯᠭᠡ ᠶᠢᠨ ᠳᠠᠭᠠᠳᠬᠠᠯ ᠤᠨ ᠪᠣᠯᠪᠠᠰᠤᠷᠠᠭᠤᠯᠤᠯ ᠢ ᠴᠢᠩᠭᠠᠳᠬᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ    ᠡᠮ ᠡᠮᠨᠡᠯᠭᠡ ᠶᠢᠨ ᠪᠠᠲᠤᠯᠠᠪᠤᠷᠢ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠴᠢᠯᠡᠭᠡᠨ ᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠦᠷ᠎ᠡ ᠪᠦᠲᠦᠮᠵᠢ ᠪᠠᠷ ᠥᠨᠳᠥᠷ᠂ ᠦᠢᠯᠡᠴᠢᠯᠡᠭᠡ ᠪᠠᠷ ᠰᠠᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠶᠢᠨ ᠲᠥᠯᠥᠭᠡ᠂ ᠵᠢᠨᠱᠠᠨ ᠪᠠᠯᠭᠠᠰᠤ 7 ᠰᠠᠷ᠎ᠠ ᠶᠢᠨ 5 ᠤ ᠡᠳᠦᠷ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢᠨ ᠲᠤᠰᠬᠠᠢ ᠰᠡᠳᠦᠪᠲᠦ ᠪᠣᠯᠪᠠᠰᠤᠷᠠᠯ ᠤᠨ ᠬᠤᠷᠠᠯ ᠢ ᠡᠷᠬᠢᠯᠡᠪᠡ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠬᠤᠷᠠᠯ ᠳᠡᠭᠡᠷ᠎ᠡ᠂ ᠲᠤᠰᠬᠠᠶ ᠮᠡᠷᠭᠡᠵᠢᠯ ᠤᠨ ᠠᠵᠢᠯᠲᠠᠨ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠬᠤᠶᠠᠷ ᠡᠪᠡᠳᠴᠢᠨ ᠤ ᠲᠠᠩᠰᠠ ᠲᠠᠶᠢᠯᠬᠤ᠂ ᠡᠮ ᠡᠮᠨᠡᠯᠭᠡ ᠶᠢᠨ ᠡᠯᠧᠺᠲᠷᠣᠨ ᠭᠡᠷᠡᠴᠢ ᠪᠠᠷᠢᠮᠲᠠ᠂ ᠰᠠᠭᠤᠭᠠᠯᠢ ᠠᠷᠠᠳ ᠤᠨ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠵᠡᠷᠭᠡ ᠳᠤ ᠨᠠᠷᠢᠨ ᠲᠠᠶᠢᠯᠤᠮᠵᠢ ᠬᠢᠪᠠ᠃ ᠡᠭᠦᠨ ᠤ ᠬᠠᠮᠲᠤ ᠦᠨᠳᠦᠰᠦᠨ ᠱᠠᠲᠤᠨ ᠤ ᠡᠷᠭᠢᠯᠡᠨ ᠬᠢᠭᠴᠢ ᠠᠵᠢᠯᠲᠠᠨ ᠤ ᠠᠵᠢᠯ ᠤᠨ ᠳᠤᠮᠳᠠ ᠲᠣᠬᠢᠶᠠᠯᠳᠤᠭᠰᠠᠨ ᠪᠣᠳᠠᠲᠠᠶ ᠠᠰᠠᠭᠤᠳᠠᠯ ᠪᠠ ᠦᠨᠡᠨ ᠪᠣᠳᠠᠲᠠᠶ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠠᠨᠳᠤᠯᠭᠠᠲᠤ ᠴᠢᠨᠠᠷᠲᠠᠶ ᠪᠠᠷ ᠵᠠᠳᠠᠯᠤᠨ ᠲᠠᠶᠢᠯᠪᠤᠷᠢᠯᠠᠵᠤ᠂ ᠪᠣᠯᠪᠠᠰᠤᠷᠠᠭᠤᠯᠤᠯ ᠳᠤ ᠣᠷᠣᠯᠴᠠᠭᠰᠠᠳ ᠤᠨ ᠳᠤᠷᠠᠳᠤᠭᠰᠠᠨ ᠡᠯ᠎ᠡ ᠵᠦᠢᠯ ᠤᠨ ᠠᠰᠠᠭᠤᠳᠠᠯ ᠪᠠ ᠰᠡᠵᠢᠭ ᠲᠤ ᠲᠤᠬᠠᠶ ᠶᠢᠨ ᠲᠠᠯᠠᠪᠤᠷ ᠤᠨ ᠮᠠᠳᠠᠭ ᠲᠠᠢ ᠠᠰᠠᠭᠤᠳᠠᠯ ᠢ ᠬᠠᠷᠢᠭᠤᠯᠵᠠᠶ᠃    ᠲᠣᠰ ᠤᠳᠠᠭᠠᠨ ᠤ ᠪᠣᠯᠪᠠᠰᠤᠷᠠᠭᠤᠯᠤᠯ ᠢᠶᠠᠷ ᠳᠡᠮᠵᠢᠨ᠂ ᠡᠯ᠎ᠡ ᠪᠣᠯᠪᠠᠰᠤᠷᠠᠭᠤᠯᠤᠯ ᠳᠤ ᠣᠷᠣᠯᠴᠠᠭᠰᠠᠳ ᠡᠮ ᠡᠮᠨᠡᠯᠭᠡ ᠶᠢᠨ ᠳᠠᠭᠠᠳᠬᠠᠯ ᠤᠨ ᠠᠵᠢᠯ ᠤᠨ ᠲᠤᠬᠠᠶ ᠨᠡᠯᠢᠶᠡᠳ ᠪᠥᠬᠦ ᠲᠠᠯ᠎ᠠ ᠶᠢᠨ ᠲᠠᠨᠢᠯᠲᠠ ᠪᠠ ᠣᠶᠢᠯᠠᠭᠠᠯᠲᠠ ᠲᠠᠢ ᠪᠣᠯᠵᠣ᠂ ᠪᠥᠬᠦ ᠪᠠᠯᠭᠠᠰᠤᠨ ᠤ ᠡᠮ ᠡᠮᠨᠡᠯᠭᠡ ᠶᠢᠨ ᠳᠠᠭᠠᠳᠬᠠᠯ ᠤᠨᠦᠢᠯᠡᠴᠢᠯᠡᠭᠡᠨ ᠤ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠡᠮ ᠡᠮᠨᠡᠯᠭᠡ ᠶᠢᠨ ᠳᠠᠭᠠᠳᠬᠠᠯ ᠤᠨ ᠭᠠᠷᠲᠠᠨ ᠭᠦᠢᠬᠡᠳᠬᠡᠬᠦ ᠦᠢᠯᠡᠴᠢᠯᠡᠭᠡ ᠶᠢ ᠳᠣᠷᠣᠭᠰᠢ ᠪᠠᠭᠤᠯᠭᠠᠬᠤ ᠳᠤ ᠰᠠᠶᠢᠨ ᠰᠠᠶᠢᠬᠠᠨ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠬᠤ ᠳᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠬᠠᠩᠭᠠᠭᠰᠠᠨ ᠪᠠᠶᠢᠨ᠎ᠠ᠃    ᠲᠠᠷᠠᠭᠠᠴᠢ ᠶᠢᠨ ᠠᠯᠬᠤᠮ ᠳᠤ᠂ ᠵᠢᠨᠱᠠᠨ ᠪᠠᠯᠭᠠᠰᠤᠨ ᠤ ᠬᠢᠨ ᠪᠣᠯᠪᠠᠰᠤᠷᠠᠭᠤᠯᠤᠯ ᠤᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠰᠡᠳᠬᠢᠮᠵᠢ ᠪᠠᠨ ᠲᠠᠰᠤᠷᠠᠯᠲᠠ ᠥᠬᠡᠶ ᠰᠢᠨ᠎ᠡ ᠪᠠᠷ ᠡᠭᠦᠳᠴᠦ᠂ ᠰᠦᠯᠵᠢᠶᠡᠨ ᠳᠡᠭᠡᠷ᠎ᠡ + ᠰᠦᠯᠵᠢᠶᠡᠨ ᠭᠠᠳᠠᠨ᠎ᠠ ᠵᠥᠪᠯᠡᠯᠭᠡ ᠥᠭᠴᠦ ᠰᠣᠯᠢᠯᠴᠠᠬᠤ ᠠᠷᠭ᠎ᠠ ᠮᠠᠶ᠋ᠢᠭ ᠢ ᠬᠡᠷᠡᠭᠯᠡᠨ᠂ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠪᠠᠶᠢᠩᠭᠤᠵᠢᠭᠤᠯᠤᠨ ᠪᠠᠷᠢᠮᠲᠠᠯᠠᠵᠤ᠂ ᠡᠮ ᠡᠮᠨᠡᠯᠭᠡ ᠶᠢᠨ ᠳᠠᠭᠠᠳᠬᠠᠯ ᠤᠨ ᠲᠤᠬᠠᠶᠢᠯᠠᠭᠰᠠᠨ ᠠᠵᠢᠯ ᠢ ᠡᠷᠭᠢᠯᠡᠨ ᠬᠢᠵᠦ ᠪᠠᠶᠢᠭ᠎ᠠ ᠪᠥᠬᠦ ᠠᠵᠢᠯᠲᠠᠨ ᠤ ᠬᠢᠷᠢ ᠲᠦᠪᠰᠢᠨ ᠪᠠ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠠᠷᠠᠳ ᠣᠯᠠᠨ ᠳᠤ ᠨᠠᠷᠢᠯᠢᠭ ᠣᠨᠣᠴᠠᠲᠠᠶ ᠦᠢᠯᠡᠴᠢᠯᠡᠭᠡ ᠬᠠᠩᠭᠠᠵᠤ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠨᠡᠮᠡᠭᠳᠡᠭᠦᠯᠦᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号