ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠮᠠᠨ ᠤ ᠬᠤᠰᠢᠭᠤᠨ ᠤ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠪᠠᠳᠠᠨ ᠪᠠᠢᠴᠠᠭᠠᠪᠠ
ᠨᠡᠶᠢᠲᠡᠯᠡᠭᠰᠡᠨ ᠴᠠᠭ᠄
2022/7/8
ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠮᠠᠨ ᠤ ᠬᠤᠰᠢᠭᠤᠨ ᠤ ᠨᠡᠭᠦᠷᠡᠰᠦᠨ ᠠᠭᠤᠷᠬᠠᠶ ᠶᠢᠨ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠢ ᠰᠢᠪᠠᠳᠠᠨ ᠪᠠᠢᠴᠠᠭᠠᠪᠠ    7 ᠰᠠᠷ᠎ᠠ ᠶᠢᠨ 5 ᠤ ᠡᠳᠦᠷ ᠠᠴᠠ 7 ᠰᠠᠷ᠎ᠠ ᠶᠢᠨ 6 ᠤ ᠡᠳᠦᠷ ᠪᠣᠯᠲᠠᠯ᠎ᠠ᠂ ᠤᠯᠤᠰ ᠤᠨ ᠠᠭᠤᠷᠬᠠᠶ ᠶᠢᠨ ᠠᠶᠤᠯᠭᠦᠶ ᠶᠢ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠲᠠᠩ ᠵᠢᠶ ᠬᠤᠸᠠ ᠳᠤᠭᠤᠶᠢᠯᠠᠩ ᠳᠠᠭᠠᠭᠤᠯᠤᠨ ᠮᠠᠨ ᠤ ᠬᠤᠰᠢᠭᠤᠨ ᠳᠤ ᠬᠦᠢᠷᠴᠤ᠂ ᠨᠡᠭᠦᠷᠡᠰᠦᠨ ᠠᠭᠤᠷᠬᠠᠶ ᠶᠢᠨ ᠪᠤᠰᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠪᠠᠶᠢᠳᠠᠯ ᠢ ᠬᠢᠨᠠᠨ ᠵᠢᠯᠣᠭᠤᠳᠴᠤ ᠪᠠᠶᠢᠴᠠᠭᠠᠪᠠ᠃ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ ᠵᠢᠴᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠤᠳᠤᠷᠢᠳᠤᠯᠭ᠎ᠠ ᠪᠠᠷ᠎ᠠ ᠪᠣᠯᠵᠣ ᠪᠠᠶᠢᠴᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤᠨ ᠤ ᠵᠠᠰᠠᠭ ᠤᠨ ᠣᠷᠳᠣᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠦᠢᠯᠡᠳᠪᠦᠷᠢᠯᠡᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠥᠬᠦᠶ ᠲᠠᠩᠰᠠ ᠡᠪᠬᠡᠮᠡᠯ ᠤᠨ ᠮᠠᠲ᠋ᠧᠷᠢᠶᠠᠯ ᠢ ᠪᠠᠶᠢᠴᠠᠭᠠᠨ ᠦᠵᠡᠭᠰᠡᠨ ᠪᠥᠭᠡᠳ ᠠᠵᠤ ᠠᠬᠤᠶᠢᠯᠠᠯ ᠤᠨ ᠡᠮᠦᠨ᠎ᠡ ᠹᠷᠣᠨᠲ ᠲᠤ ᠬᠦᠷᠴᠦ ᠲᠤᠬᠠᠶ ᠶᠢᠨ ᠲᠠᠯᠠᠪᠤᠷ ᠤᠨ ᠠᠶᠤᠯᠭᠦᠶ ᠶᠢᠨ ᠪᠠᠶᠢᠴᠠᠭᠠᠯᠲᠠ ᠬᠢᠵᠦ᠂ ᠮᠠᠨ ᠤ ᠬᠤᠰᠢᠭᠤᠨ ᠤ ᠨᠡᠭᠦᠷᠡᠰᠦᠨ ᠤ ᠪᠤᠰᠤ ᠠᠭᠤᠷᠬᠠᠶ ᠶᠢᠨ ᠠᠶᠤᠯᠭᠦᠶ ᠶᠢᠨ ᠲᠤᠰᠬᠠᠶ ᠴᠡᠭᠴᠡᠯᠡᠨ ᠵᠠᠰᠠᠯᠲᠠ᠂ ᠬᠠᠤᠯᠢ ᠪᠤᠰᠤ ᠳᠤ ᠴᠣᠬᠢᠯᠲᠠ ᠥᠭᠴᠦ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠵᠠᠰᠠᠬᠤ᠂ ᠪᠠᠷᠢᠮᠵᠢᠶᠠᠵᠢᠭᠤᠯᠬᠤ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠬᠤ ᠳᠤᠭᠤᠶᠢᠯᠠᠩ ᠤᠨ ᠬᠢᠨ ᠮᠠᠨ ᠤ ᠬᠤᠰᠢᠭᠤᠨ ᠤ ᠣᠶᠢᠷ᠎ᠠ ᠶᠢᠨ ᠵᠢᠯ ᠤᠨ ᠲᠤᠷᠰᠢᠬᠢ ᠠᠶᠤᠯᠭᠦᠶ ᠦᠶ᠋ᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠭᠦᠢᠴᠡᠳ ᠨᠤᠲᠠᠯᠠᠭᠰᠠᠨ ᠤ ᠬᠠᠮᠲᠤ᠂ ᠠᠮᠤᠷ ᠲᠦᠪᠰᠢᠨ ᠤ ᠤᠬᠠᠮᠰᠠᠷ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ᠂ ᠠᠵᠤ ᠠᠬᠤᠶᠢᠯᠠᠯ ᠤᠨ ᠠᠮᠤᠷ ᠲᠦᠪᠰᠢᠨ ᠤ ᠣᠷᠣᠭᠤᠯᠤᠯᠲᠠ ᠵᠡᠷᠭᠡ ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠥᠬᠡᠶ ᠲᠠᠯ᠎ᠠ ᠪᠠ ᠳᠤᠲᠠᠭᠤᠳᠠᠯ ᠢ ᠵᠢᠭᠠᠨ ᠭᠠᠷᠭᠠᠵᠤ᠂ ᠠᠵᠢᠯ ᠤᠨ ᠰᠠᠨᠠᠭᠤᠯᠭ᠎ᠠ ᠳᠤᠷᠠᠳᠴᠠᠶ᠃    ᠲᠠᠷᠠᠭᠠᠴᠢ ᠶᠢᠨ ᠠᠯᠬᠤᠮ ᠳᠤ᠂ ᠮᠠᠨ ᠤ ᠬᠤᠰᠢᠭᠤ ᠲᠣᠰ ᠤᠳᠠᠭᠠᠨ ᠤ ᠰᠢᠪᠠᠳᠠᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠠᠶᠢᠴᠠᠭᠠᠬᠤ ᠳᠤᠭᠤᠶᠢᠯᠠᠩ ᠤᠨ ᠳᠤᠷᠠᠳᠤᠭᠰᠠᠨ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠨᠠᠩ ᠪᠦᠲᠦᠮᠵᠢᠲᠡᠶ ᠠᠵᠢᠯ ᠤᠨ ᠠᠷᠭ᠎ᠠ ᠬᠡᠮᠵᠢᠶ᠎ᠡ ᠠᠪᠬᠤ ᠪᠠᠷ ᠳᠠᠮᠵᠢᠭᠤᠯᠤᠨ᠂ ᠡᠯ᠎ᠡ ᠲᠥᠷᠥᠯ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号