ᠬᠠᠷᠠᠴᠢᠨ ᠬᠤᠰᠢᠭᠤᠨ ᠤ ᠲᠦᠷᠦᠭᠦᠤ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2022/7/8
ᠬᠠᠷᠠᠴᠢᠨ ᠬᠤᠰᠢᠭᠤᠨ ᠤ ᠲᠦᠷᠦᠭᠦᠤ ᠬᠠᠭᠠᠰ ᠵᠢᠯ ᠤᠨ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ    ᠵᠢᠯ ᠤᠨ ᠡᠬᠢᠨ ᠠᠴᠠ ᠨᠠᠰᠢ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠴᠢᠬᠤᠯᠠᠴᠢᠯᠠᠭ᠎ᠠ ᠳᠣᠤᠷ᠎ᠠ᠂ ᠬᠠᠷᠠᠴᠢᠨ ᠬᠤᠰᠢᠭᠤᠨ ᠤ ᠮᠥᠩᠭᠦᠨ ᠭᠦᠢᠯᠭᠡᠭᠡ ᠪᠠ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠬᠤᠳᠠᠯᠳᠤᠭᠠᠴᠢᠨ ᠤᠷᠢᠬᠤ ᠲᠠᠪᠴᠠᠩ ᠢᠶᠠᠨ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢᠶᠠᠨ ᠰᠢᠯᠢᠳᠡᠭᠵᠢᠭᠦᠯᠵᠦ᠂ ᠡᠨᠡ ᠵᠢᠯ ᠤᠨ ᠲᠦᠷᠦᠭᠦᠤ ᠬᠠᠭᠠᠰ ᠵᠢᠯ ᠤᠨ ᠬᠠᠷᠠᠴᠢᠨ ᠬᠤᠰᠢᠭᠤᠨ ᠤ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃    ᠡᠨᠡ ᠵᠢᠯ ᠤᠨ ᠳᠡᠭᠡᠷ᠎ᠡ ᠬᠠᠭᠠᠰ ᠵᠢᠯ ᠳᠤ ᠨᠡᠶᠢᠲᠡ 46 ᠲᠥᠷᠥᠯ ᠵᠦᠢᠯ ᠲᠠᠢ ᠭᠡᠷ᠎ᠡ ᠲᠤᠭᠲᠠᠵᠤ ᠂ ᠶᠡᠷᠦᠩᠬᠡᠶ ᠪᠡᠯᠡ ᠣᠷᠣᠭᠤᠯᠤᠯᠲᠠ ᠨᠢ ᠪᠠᠷᠤᠭ 194.69 ᠳ᠋ᠦᠩᠰᠢᠭᠤᠷ ᠲᠥᠭᠦᠷᠢᠭ ᠲᠤ ᠬᠦᠷᠬᠦ ᠪᠠᠷ ᠲᠥᠯᠥᠪᠯᠡᠵᠦ ᠪᠠᠶᠢᠨ᠎ᠠ᠃    ᠤᠳᠤᠷᠢᠳᠤᠯᠭ᠎ᠠ ᠬᠦᠨᠳᠦᠳᠬᠡᠨ ᠦᠵᠡᠬᠦ ᠶᠢ ᠴᠢᠬᠤᠯᠠᠴᠢᠯᠠᠨ᠎ᠠ ᠃ ᠪᠦᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠪᠠ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠡᠭᠡ ᠬᠤᠷᠠᠯ ᠤᠨ ᠳᠠᠷᠠᠭ᠎ᠠ᠂ ᠮᠠᠨ ᠤ ᠬᠤᠰᠢᠭᠤ ︽ᠬᠠᠷᠠᠴᠢᠨ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠨ ᠲᠠᠷᠬᠠᠭᠠᠵᠤ᠂ ᠬᠤᠰᠢᠭᠤᠨ ᠲᠠᠰ ᠤᠨ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠵᠤ ᠦᠢᠯᠡᠳᠪᠦᠷᠢ ᠶᠢᠨ ᠠᠵᠤ ᠠᠬᠤᠶ᠂ ᠰᠣᠶᠣᠯ ᠵᠢᠭᠤᠯᠴᠢᠯᠠᠯ ᠪᠠ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ 4 ᠲᠤᠰᠬᠠᠶ ᠲᠥᠷᠥᠯ ᠤᠨ ᠠᠷᠠᠯᠵᠢᠶᠠᠴᠢᠨ ᠤᠷᠢᠬᠤ ᠳᠤᠭᠤᠶᠢᠯᠠᠩ ᠢ ᠪᠠᠶᠢᠭᠤᠯᠵᠤ᠂ 6 ᠬᠦᠷᠢᠶᠡᠯᠡᠩ ᠲᠣᠭᠤᠷᠢᠭ ᠤᠨ ᠠᠵᠢᠯ ᠤᠨ ᠲᠤᠰᠬᠠᠶ ᠠᠩᠭᠢ ᠶᠢ ᠰᠣᠩᠭᠤᠨ ᠲᠣᠮᠢᠯᠠᠵᠤ᠂ 11 ᠠᠷᠠᠯᠵᠢᠶᠠᠴᠢᠨ ᠤᠷᠢᠬᠤ ᠪᠠᠭ᠎ᠠ ᠠᠩᠭᠢ ᠶᠢ ᠵᠣᠬᠢᠶᠠᠨ ᠪᠠᠶᠢᠭᠤᠯᠵᠤ᠂ 120 ᠣᠷᠴᠢᠮ ᠬᠥᠮᠦᠨ ᠲᠠᠢ ᠠᠷᠠᠯᠵᠢᠶᠠᠴᠢᠨ ᠤᠷᠢᠬᠤ ᠡᠩᠨᠡᠭᠡ ᠶᠢ ᠪᠦᠷᠢᠯᠳᠦᠭᠦᠯᠵᠡᠶ᠃    ᠬᠤᠳᠠᠯᠳᠤᠭᠠᠴᠢᠨ ᠤᠷᠢᠬᠤ ᠲᠠᠪᠴᠠᠩ ᠢ ᠲᠡᠭᠦᠯᠳᠡᠷᠵᠢᠭᠦᠯᠦᠨ᠎ᠡ᠃ ᠵᠢᠨᠱᠠᠨ ᠪᠠᠯᠭᠠᠰᠤ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ᠂ ᠵᠢᠨᠱᠠᠨ ᠠᠵᠤ ᠦᠢᠯᠡᠰ ᠬᠤᠲᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠾᠧ ᠮᠧᠢ ᠠᠵᠤ ᠦᠢᠯᠡᠰ ᠬᠤᠲᠠ ᠶᠢ ᠠᠭᠤᠰᠤᠯᠴᠠᠭᠤᠯᠬᠤ ᠵᠢᠱᠢᠶ᠎ᠡ ᠦᠵᠡᠭᠦᠯᠬᠦ ᠲᠣᠭᠤᠷᠢᠭ᠂ ᠬᠠᠷᠠᠴᠢᠨ ᠬᠤᠰᠢᠭᠤᠨ ᠤ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠬᠦᠷᠢᠶᠡᠯᠡᠩ ᠲᠣᠭᠤᠷᠢᠭ᠂ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠ ᠤᠯᠠᠭᠠᠨᠬᠠᠳᠠ ᠶᠢᠨ ᠰᠢᠨ᠎ᠡ ᠬᠡᠯᠪᠡᠷᠢ ᠶᠢᠨ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠵᠡᠷᠭᠡ ︽ᠨᠢᠭᠡ ᠲᠠᠷᠢᠶᠠᠯᠠᠩ ᠬᠤᠶᠠᠷ ᠢ ᠠᠭᠤᠰᠤᠯᠴᠠᠭᠤᠯᠬᠤ ᠭᠤᠷᠪᠠᠨ ᠠᠵᠤ ᠦᠢᠯᠡᠳᠪᠦᠷᠢ︾ ᠶᠢᠨ ᠵᠢᠷᠭᠤᠭᠠᠨ ᠬᠦᠷᠢᠶᠡᠯᠡᠩ ᠲᠣᠭᠤᠷᠢᠭ ᠤᠨ ᠲᠠᠪᠴᠠᠩ ᠢ ᠪᠠᠶᠢᠭᠤᠯᠪᠠ᠃ ᠤᠷᠢᠳ ᠬᠤᠵᠢᠳ ᠠᠵᠤ ᠦᠢᠯᠡᠳᠪᠦᠷᠢ᠂ ᠲᠠᠷᠢᠶᠠᠯᠠᠩ᠂ ᠰᠣᠶᠣᠯ ᠤᠨ ᠵᠢᠭᠤᠯᠴᠢᠯᠠᠯ᠂ ᠪᠠᠷᠢᠮᠵᠢᠶᠠᠵᠢᠭᠰᠠᠨ ᠦᠢᠯᠡᠳᠪᠦᠷᠢ ᠶᠢᠨ ᠭᠡᠷ ᠪᠠᠶᠢᠰᠢᠩ᠂ ᠠᠵᠤ ᠦᠢᠯᠡᠰ ᠪᠠ ᠬᠤᠲᠠ ᠶᠢ ᠠᠭᠤᠰᠤᠯᠴᠠᠭᠤᠯᠬᠤ ᠵᠡᠷᠭᠡ ᠠᠷᠠᠯᠵᠢᠶᠠᠴᠢᠨ ᠤᠷᠢᠬᠤ ᠣᠯᠠᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠨ ᠬᠡᠷᠡᠭᠵᠢᠭᠦᠯᠵᠦ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠵᠦ᠂ ᠠᠷᠠᠯᠵᠢᠶᠠᠴᠢᠨ ᠤᠷᠢᠬᠤ ᠮᠡᠳᠡᠭᠡ ᠵᠠᠩᠭᠢ ᠪᠠ ᠲᠡᠷᠢᠭᠦᠨ ᠵᠤᠷᠪᠤᠰ ᠰᠣᠨᠢᠨ ᠮᠡᠳᠡᠭᠡ ᠶᠢ ᠨᠠᠶᠢᠷᠠᠭᠤᠯᠤᠨ ᠲᠠᠷᠬᠠᠭᠠᠵᠤ᠂ ᠠᠷᠠᠯᠵᠢᠶᠠᠴᠢᠨ ᠤᠷᠢᠬᠤ ᠭᠠᠷ ᠳᠡᠪᠲᠡᠷ᠂ ᠲᠥᠷᠥ ᠶᠢᠨ ᠪᠣᠳᠣᠯᠭ᠎ᠠ ᠶᠢᠨ ᠭᠠᠷ ᠳᠡᠪᠲᠡᠷ ᠪᠠ ᠰᠢᠶᠠᠩ ᠪᠠᠯᠭᠠᠰᠤᠨ ᠤ ᠭᠤᠤᠯᠯᠠᠬᠤ ᠠᠵᠤ ᠦᠢᠯᠡᠰ ᠤᠨ ᠭᠠᠷ ᠳᠡᠪᠲᠡᠷ ᠢ ᠲᠣᠭᠲᠠᠭᠠᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠤᠬᠠᠭᠤᠯᠵᠤ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠥᠷᠥ ᠶᠢᠨ ᠪᠣᠳᠣᠯᠭ᠎ᠠ ᠶᠢᠨ ᠬᠤᠲᠣᠭᠤᠷ ᠭᠠᠵᠠᠷ ᠢ ᠪᠣᠶ ᠪᠣᠯᠭᠠᠪᠠ᠃    ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠦᠨ᠎ᠡ᠃ ᠲᠥᠷᠥᠯ ᠵᠦᠢᠯ ᠤᠨ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠦᠨ᠎ᠡ᠃ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠨᠢᠭᠡ ᠲᠥᠷᠥᠯ ᠵᠦᠢᠯ ᠂ ᠨᠢᠭᠡ ᠤᠳᠤᠷᠢᠳᠤᠯᠭ᠎ᠠ᠂ ᠨᠢᠭᠡ ᠪᠦᠯᠬᠦᠮ ᠨᠡᠶᠢᠲᠡ᠂ ᠡᠴᠦᠰ ᠲᠤᠨᠢ ᠲᠤᠯᠲᠠᠯ᠎ᠠ ᠠᠳᠬᠤᠬᠤ ᠠᠵᠢᠯ ᠤᠨ ᠲᠣᠭᠲᠠᠴᠠ ᠶᠢ ᠬᠡᠷᠡᠭᠵᠢᠭᠦᠯᠵᠦ᠂ ᠬᠠᠭᠠᠰ ᠰᠠᠷ᠎ᠠ ᠳᠤ ᠨᠢᠭᠡ ᠤᠳᠠᠭ᠎ᠠ ᠳᠣᠭᠢᠷᠠᠭᠤᠯᠬᠤ ᠬᠤᠷᠠᠯ ᠬᠤᠷᠠᠯᠳᠤᠭᠤᠯᠵᠤ᠂ ᠬᠤᠳᠠᠯᠳᠤᠭᠠᠴᠢᠨ ᠤᠷᠢᠬᠤ ᠲᠥᠷᠥᠯ ᠵᠦᠢᠯ ᠤᠨ ᠭᠠᠷᠳᠠᠮ ᠢ ᠭᠦᠢᠴᠡᠳᠬᠡᠬᠦ ᠳᠤ ᠨᠡᠶᠢᠯᠡᠭᠦᠯᠦᠨ ᠬᠢᠨᠠᠨ ᠵᠥᠪᠰᠢᠶᠡᠷᠡᠬᠦ᠂ ᠪᠥᠬᠦ ᠶᠠᠪᠤᠴᠠ ᠳᠤ ᠣᠷᠣᠯᠠᠨ ᠭᠦᠢᠴᠡᠳᠬᠡᠬᠦ ᠂ ᠴᠠᠭ ᠬᠢᠵᠠᠭᠠᠷᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠳᠤ ᠰᠠᠨᠠᠭ᠎ᠠ ᠠᠮᠤᠷ᠂ ᠠᠵᠢᠯ ᠳᠤ ᠤᠷᠤᠭᠰᠢᠲᠠᠶ᠂ ᠠᠮᠢᠳᠤᠷᠠᠯ ᠳᠤ ᠲᠠᠭᠠᠯᠠᠮᠵᠢᠲᠠᠶ᠂ ᠬᠥᠭᠵᠢᠯᠲᠡ ᠳᠤ ᠰᠠᠨᠠᠭ᠎ᠠ ᠠᠮᠤᠷ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号