ᠬᠤᠲᠠ ᠶᠢᠨ ᠳᠠᠷᠤᠭ᠎ᠠ ᠸᠠᠩ ᠸᠠᠩ ᠱᠸᠡᠩ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠮᠠᠯ ᠠᠵᠤ ᠠᠬᠤᠶ ᠶᠢ ᠴᠢᠨᠠᠷ ᠰᠠᠶᠢᠲᠠᠶ ᠬᠦᠭᠵᠢᠭᠦᠯᠬᠦ ᠶᠡᠭᠡ ᠬᠤᠷᠠᠯ ᠤᠨ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/1
ᠬᠤᠲᠠ ᠶᠢᠨ ᠳᠠᠷᠤᠭ᠎ᠠ ᠸᠠᠩ ᠸᠠᠩ ᠱᠸᠡᠩ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠮᠠᠯ ᠠᠵᠤ ᠠᠬᠤᠶ ᠶᠢ ᠴᠢᠨᠠᠷ ᠰᠠᠶᠢᠲᠠᠶ ᠬᠦᠭᠵᠢᠭᠦᠯᠬᠦ ᠶᠡᠭᠡ ᠬᠤᠷᠠᠯ ᠤᠨ ᠪᠡᠯᠡᠳᠬᠡᠯ ᠠᠵᠢᠯ ᠢ ᠰᠢᠨᠵᠢᠯᠡᠨ ᠪᠠᠶᠢᠴᠠᠭᠠᠪᠠ    7 ᠰᠠᠷ᠎ᠠ ᠶᠢᠨ 30 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠸᠡᠩ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠤᠸᠠᠨ ᠲᠢᠶᠠᠨ ᠮᠧᠩ ᠨᠡᠷ ᠮᠠᠨ ᠤ ᠬᠤᠰᠢᠭᠤᠨ ᠳᠤ ᠢᠷᠡᠵᠦ ᠲᠠᠷᠢᠶᠠᠯᠠᠩ ᠮᠠᠯ ᠠᠵᠤ ᠠᠬᠤᠶ ᠶᠢ ᠴᠢᠨᠠᠷ ᠰᠠᠢᠲᠠᠢ ᠬᠦᠭᠵᠢᠭᠦᠯᠬᠦ ᠶᠡᠭᠡ ᠬᠤᠷᠠᠯ ᠤᠨ ᠪᠡᠯᠡᠳᠬᠡᠯ ᠠᠵᠢᠯ ᠤᠨ ᠪᠠᠶᠢᠳᠠᠯ ᠢ ᠰᠢᠨᠵᠢᠯᠡᠨ ᠪᠠᠶᠢᠴᠠᠭᠠᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃    ᠸᠠᠩ ᠸᠠᠩ ᠱᠸᠡᠩ ᠨᠠᠷ ᠤᠷᠢᠳ ᠬᠤᠵᠢᠳ ᠵᠢᠨᠱᠠᠨ ᠪᠠᠯᠭᠠᠰᠤ ᠶᠢᠨ ᠢᠦᠢ ᠯᠦᠩ ᠴᠤᠸᠠᠨ ᠤ ᠲᠠᠷᠢᠶᠠᠨ ᠭᠠᠵᠠᠷ ᠤᠨ ᠶᠡᠷᠦᠩᠬᠡᠢ ᠴᠣᠭᠴᠠ᠂ ᠨᠢᠦ ᠵᠢᠶᠠ ᠢᠩᠽᠢ ᠪᠠᠯᠭᠠᠰᠤ ᠶᠢᠨ ᠬᠢᠲᠠᠳ ᠡᠮ ᠤᠨ ᠪᠠᠷᠢᠮᠵᠢᠶᠠᠵᠢᠭᠰᠠᠨ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠭᠠᠵᠠᠷ ᠲᠤ ᠬᠦᠷᠴᠦ᠂ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠠᠨᠢᠯᠴᠠᠭᠤᠯᠭ᠎ᠠ ᠰᠣᠨᠣᠰᠬᠤ᠂ ᠺᠢᠨᠣ᠋ ᠦᠵᠡᠬᠦ ᠵᠡᠷᠭᠡ ᠬᠡᠯᠪᠡᠷᠢ ᠪᠠᠷ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠢᠲᠠᠢ ᠬᠦᠭᠵᠢᠭᠦᠯᠬᠦ ᠶᠡᠭᠡ ᠬᠤᠷᠠᠯ ᠤᠨ ᠲᠦᠷᠦᠯ ᠵᠦᠢᠯ ᠤᠨ ᠪᠦᠳᠦᠬᠡᠨ ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃    ᠸᠠᠩ ᠸᠠᠩ ᠱᠸᠡᠩ ᠮᠠᠨ ᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢ ᠴᠢᠨᠠᠷ ᠰᠠᠶᠢᠲᠠᠢ ᠬᠦᠭᠵᠢᠭᠦᠯᠬᠦ ᠶᠡᠭᠡ ᠬᠤᠷᠠᠯ ᠤᠨ ᠪᠡᠯᠡᠳᠬᠡᠯ ᠠᠵᠢᠯ ᠳᠤ ᠬᠠᠨᠤᠮᠵᠢᠲᠠᠢ ᠪᠠᠶᠢᠬᠤ ᠪᠠᠨ ᠢᠯᠡᠳᠬᠡᠬᠦ ᠶᠢᠨ ᠬᠠᠮᠲᠤ᠂ ᠲᠠᠷᠢᠶᠠᠯᠠᠩ ᠮᠠᠯ ᠠᠵᠤ ᠠᠬᠤᠢ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠳᠡᠮᠵᠢᠬᠦ ᠰᠠᠭᠤᠷᠢ ᠴᠢᠨᠠᠷᠲᠠᠢ ᠢᠨᠵᠧᠨᠧᠷᠢᠩ ᠪᠣᠯᠭᠠᠨ ᠠᠳᠬᠤᠵᠤ᠂ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠤᠨ ᠠᠵᠤ ᠦᠢᠯᠡᠰ ᠤᠨ ᠬᠥᠭᠵᠢᠯᠲᠡ ᠪᠠᠷ ᠰᠠᠭᠤᠷᠢ ᠪᠣᠯᠭᠠᠵᠤ᠂ ᠲᠠᠷᠢᠶᠠᠯᠠᠩ ᠮᠠᠯ ᠠᠵᠤ ᠠᠬᠤᠢ ᠤᠨ ᠣᠳᠣᠬᠢᠴᠢᠯᠠᠯᠲᠠ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠭᠦᠨᠵᠡᠭᠡᠢ ᠠᠭᠤᠰᠤᠯᠴᠠᠭᠤᠯᠬᠤ ᠶᠢ ᠠᠬᠢᠭᠤᠯᠵᠤ᠂ ᠮᠠᠯ ᠠᠵᠤ ᠠᠬᠤᠢ ᠲᠠᠷᠢᠶᠠᠯᠠᠩ ᠤᠨ ᠦᠷᠭᠦᠯᠵᠢᠯᠡᠬᠦ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ︔ ᠡᠯ᠎ᠡ ᠲᠥᠷᠥᠯ ᠵᠦᠢᠯ ᠤᠨ ᠬᠠᠷᠢᠭᠤᠴᠠᠬᠤ ᠨᠢᠭᠡᠴᠡ ᠨᠦᠭᠦᠳ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠲᠣᠭᠲᠠᠴᠠ ᠪᠠᠨ ᠲᠡᠭᠦᠯᠳᠡᠷᠵᠢᠭᠦᠯᠦᠨ᠂ ᠡᠯ᠎ᠡ ᠲᠥᠷᠥᠯ ᠵᠦᠢᠯ ᠤᠨ ᠪᠡᠯᠡᠳᠬᠡᠯ ᠠᠵᠢᠯ ᠢ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢᠶᠠᠷ ᠪᠡᠶᠡᠯᠡᠭᠦᠯᠵᠦ᠂ ᠠᠵᠢᠯ ᠢᠶᠠᠨ ᠯᠠᠪᠳᠠᠭᠤᠨ ᠢᠶᠠᠷ ᠠᠬᠢᠭᠤᠯᠤᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠵᠤ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠬᠦ ᠬᠡᠷᠡᠭᠲᠡᠶ︔ ᠤᠳᠤ ᠦᠶ᠎ᠡ ᠶᠢᠨ ᠬᠥᠳᠡᠭᠡ ᠠᠵᠤ ᠠᠬᠤᠢ ᠶᠢᠨ ᠰᠢᠨ᠎ᠡ ᠡᠵᠡᠩᠨᠡᠯᠲᠡ ᠶᠢᠨ ᠬᠡᠯᠪᠡᠷᠢ ᠶᠢ ᠪᠤᠶᠢᠵᠢᠭᠤᠯᠵᠤ᠂ ᠬᠥᠳᠡᠭᠡ ᠲᠣᠰᠬᠤᠨ ᠤ ᠵᠤᠭᠠᠴᠠᠯ᠂ ᠰᠡᠯᠡᠭᠦᠴᠡᠨ ᠠᠮᠠᠷᠠᠬᠤ᠂ ᠮᠠᠯ ᠠᠵᠤ ᠠᠬᠤᠢ ᠲᠠᠷᠢᠶᠠᠯᠠᠩ ᠢ ᠪᠡᠶᠡᠴᠢᠯᠡᠨ ᠣᠶᠢᠯᠠᠭᠠᠬᠤ ᠵᠡᠷᠭᠡ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠵᠤ᠂ ᠬᠠᠷᠠᠴᠢᠨ ᠤ ᠣᠨᠴᠠᠯᠢᠭ ᠲᠠᠢ ᠲᠠᠷᠢᠶᠠᠯᠠᠩ ᠮᠠᠯ ᠠᠵᠤ ᠠᠬᠤᠢ ᠤᠨ ᠬᠥᠭᠵᠢᠯᠲᠡ ᠶᠢᠨ ᠵᠠᠮ ᠢ ᠴᠣᠭᠴᠠᠯᠠᠬᠤ ᠬᠡᠷᠡᠭᠲᠡᠢ︔ ᠡᠭᠦᠨ ᠤ ᠬᠠᠮᠲᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠯᠭᠠᠭᠤᠯᠬᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠪᠣᠯᠤᠨ ᠪᠡᠯᠡ ᠮᠥᠩᠭᠦ ᠰᠢᠯᠵᠢᠭᠦᠯᠦᠨ ᠥᠭᠬᠦ ᠠᠵᠢᠯ ᠢ ᠰᠠᠶᠢᠲᠤᠷ ᠬᠢᠵᠦ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠡᠷᠴᠢᠮ ᠢ ᠦᠨᠡᠨᠬᠦ ᠴᠢᠩᠭᠠᠷᠠᠭᠤᠯᠵᠤ᠂ ᠪᠡᠯᠡ ᠮᠥᠩᠭᠦ ᠰᠢᠯᠵᠢᠭᠦᠯᠦᠨ ᠥᠭᠬᠦ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠠᠷᠠᠳ ᠤᠨ ᠠᠮᠢᠳᠤᠷᠠᠯ ᠤᠨ ᠰᠠᠭᠤᠷᠢ ᠶᠢ ᠰᠠᠶᠢᠵᠢᠷᠠᠭᠤᠯᠬᠤ᠂ ᠤᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠦᠢᠯᠡᠳᠦᠯ ᠢ ᠲᠦᠷᠭᠡᠨ ᠪᠠᠳᠠᠷᠠᠭᠤᠯᠬᠤ ᠶᠢ ᠪᠠᠲᠤᠯᠠᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号