ᠬᠠᠷᠠᠴᠢᠨ ᠬᠤᠰᠢᠭᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠬᠦ ᠨᠠᠮ ᠵᠠᠰᠠᠭ ᠤᠨ ᠤᠳᠤᠷᠢᠳᠤᠯᠭ᠎ᠠ ᠶᠢᠨ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠤᠷᠠᠨ ᠰᠠᠶᠢᠬᠠᠨ ᠤ ᠲᠣᠭᠯᠠᠯᠲᠠ ᠡᠷᠭᠢᠯᠡᠪᠡ
ᠨᠡᠶᠢᠲᠡᠯᠡᠭᠰᠡᠨ ᠴᠠᠭ᠄
2022/8/10
ᠬᠠᠷᠠᠴᠢᠨ ᠬᠤᠰᠢᠭᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠬᠦ ᠨᠠᠮ ᠵᠠᠰᠠᠭ ᠤᠨ ᠤᠳᠤᠷᠢᠳᠤᠯᠭ᠎ᠠ ᠶᠢᠨ ᠴᠡᠷᠢᠭ ᠤᠨ ᠶᠠᠪᠤᠳᠠᠯ ᠤᠨ ᠡᠳᠦᠷ ᠤᠨ ᠠᠵᠢᠯᠯᠠᠭ᠎ᠠ ᠵᠢᠴᠢ ᠤᠷᠠᠨ ᠰᠠᠶᠢᠬᠠᠨ ᠤ ᠲᠣᠭᠯᠠᠯᠲᠠ ᠡᠷᠭᠢᠯᠡᠪᠡ    ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠤᠯᠠᠭᠠᠨᠮᠥ᠋ᠴᠢᠷ ᠲᠤ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠣᠶ ᠶᠢ ᠪᠡᠯᠭᠡᠯᠡᠬᠦ ᠨᠠᠮ ᠵᠠᠰᠠᠭ ᠤᠨ ᠤᠳᠤᠷᠢᠳᠬᠤ ᠴᠡᠷᠢᠭ ᠤᠨ ᠶᠠᠪᠤᠳᠠᠯ ᠤᠨ ᠠᠵᠢᠯᠯᠠᠭ᠎ᠠ ᠵᠢᠴᠢ ᠤᠷᠠᠨ ᠰᠠᠶᠢᠬᠠᠨ ᠤ ᠲᠣᠭᠯᠠᠯᠲᠠ ᠡᠷᠭᠢᠯᠡᠪᠡ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠡᠪᠰᠡᠭᠲᠦ ᠬᠦᠴᠦᠨ ᠤ ᠬᠡᠯᠲᠡᠰ ᠤᠨ ᠺᠣᠮᠢᠰᠰᠠᠷ ᠸᠠᠩ ᠯᠢᠩ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ ᠵᠢᠴᠢ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠨᠢᠭᠡ ᠲᠠᠩᠬᠢᠮ ᠳᠤ ᠴᠤᠭᠯᠠᠷᠠᠨ᠂ ᠴᠡᠷᠢᠭ ᠪᠠᠶᠢᠭᠤᠯᠤᠭᠳᠠᠭᠰᠠᠨ ᠪᠠᠶᠠᠷ ᠢ ᠬᠠᠮᠲᠤ ᠪᠠᠷ ᠪᠡᠯᠭᠡᠯᠡᠵᠦ᠂ ᠴᠡᠷᠢᠭ ᠠᠷᠠᠳ ᠤᠨ ᠪᠠᠶᠢᠳᠠᠯ ᠢ ᠬᠠᠮᠲᠤ ᠪᠠᠷ ᠬᠦᠦᠷᠨᠢᠪᠡ᠃    ᠸᠠᠩ ᠯᠢᠩ ᠡᠩ ᠲᠡᠷᠢᠭᠦᠨ ᠳᠤ ︽ᠨᠠᠮ ᠵᠠᠰᠠᠭ ᠤᠨ ᠤᠳᠤᠷᠢᠳᠬᠤ ᠺᠠᠳ᠋ᠷᠴᠤᠳ ᠤᠨ ᠤᠯᠤᠰ ᠤᠨ ᠠᠮᠤᠷ ᠲᠦᠪᠰᠢᠨ ᠤ ᠪᠠᠶᠢᠳᠠᠯ ᠤᠨ ᠮᠡᠳᠡᠭᠦᠯᠦᠯᠲᠡ ᠶᠢᠨ ᠬᠤᠷᠠᠯ︾ ᠭᠡᠬᠦ ᠰᠡᠳᠦᠪ ᠢᠶᠠᠷ ᠲᠠᠶᠢᠯᠤᠮᠵᠢ ᠬᠢᠬᠦ ᠶᠢᠨ ᠬᠠᠮᠲᠤ᠂ ᠣᠯᠠᠨ ᠢᠶᠠᠷ ᠢᠶᠠᠨ ᠴᠡᠷᠢᠭ  ᠬᠥᠮᠦᠨ ᠤ ᠮᠥᠨ ᠴᠢᠨᠠᠷ ᠢᠶᠠᠨ ᠪᠠᠲᠤᠯᠠᠵᠤ᠂ ᠪᠠᠶᠢᠯᠳᠤᠬᠤ ᠬᠦᠴᠦᠨ ᠢᠶᠠᠨ ᠦᠷᠭᠦᠯᠵᠢᠯᠡᠨ ᠪᠠᠳᠠᠷᠠᠭᠤᠯᠵᠤ᠂ ᠳᠡᠭᠡᠳᠦ ᠬᠡᠮᠵᠢᠶᠡᠨ ᠤ ᠡᠭᠦᠷᠭᠡᠲᠦ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠮᠠᠨ ᠤ ᠬᠤᠰᠢᠭᠤᠨ ᠤ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠪᠠ ᠣᠶᠤᠨ ᠰᠠᠨᠠᠭᠠᠨ ᠤ ᠬᠥᠳᠡᠯᠭᠡᠬᠦ ᠬᠦᠴᠦᠨ ᠬᠠᠩᠭᠠᠬᠤ ᠶᠢ ᠬᠦᠰᠡᠪᠡ     ᠤᠯᠠᠭᠠᠨᠮᠥ᠋ᠴᠢᠷ ᠤᠨ ᠲᠣᠭᠯᠠᠭᠴᠢᠳ ᠤᠯᠠᠨ ᠳᠤ ᠭᠤᠶᠢᠳᠠ ᠰᠠᠶᠢᠬᠠᠨ ᠤᠷᠠᠨ ᠰᠠᠶᠢᠬᠠᠨ ᠤ ᠲᠣᠭᠯᠠᠯᠲᠠ ᠳᠡᠪᠰᠢᠭᠦᠯᠪᠡ᠃ ᠪᠥᠵᠢᠭ᠂ ᠳᠠᠭᠤᠤ  ᠂ ᠬᠦᠭᠵᠢᠮ ᠵᠡᠷᠭᠡ ᠤᠯᠠᠨ ᠬᠡᠯᠪᠡᠷᠢ ᠶᠢᠨ ᠲᠣᠭᠯᠠᠯᠲᠠ ᠨᠢ ᠤᠳᠬ᠎ᠠ ᠤᠷᠠᠯᠢᠭ ᠤᠨ ᠬᠦᠴᠦᠨ ᠢ ᠬᠤᠷᠠᠮᠳᠤᠭᠤᠯᠵᠤ᠂ ᠬᠤᠪᠢᠰᠬᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠲᠣᠭᠯᠠᠯᠲᠠ ᠨᠢ ᠴᠡᠷᠢᠭ ᠠᠷᠠᠳ ᠤᠨ ᠰᠡᠳᠬᠢᠯ ᠢ ᠠᠭᠤᠰᠤᠯᠴᠠᠭᠤᠯᠤᠭᠰᠠᠨ ᠭᠦᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠲᠤᠬᠠᠢ ᠶᠢᠨ ᠲᠠᠯᠠᠪᠠᠢ ᠳᠤ ᠪᠠᠶᠢᠭᠰᠠᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠳᠠ ᠶᠢ ᠤᠯᠪᠠ᠃    ᠬᠤᠪᠢᠰᠬᠠᠯᠲᠤ ᠴᠡᠷᠢᠭ ᠤᠨ ᠰᠢᠯᠢᠳᠡᠭ ᠤᠯᠠᠮᠵᠢᠯᠠᠯ ᠪᠠ ᠰᠤᠷᠲᠠᠯ ᠢ ᠵᠠᠪᠠᠯ ᠦᠷᠭᠦᠯᠵᠢᠯᠡᠨ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠰᠢᠨ᠎ᠡ ᠬᠤᠪᠢ ᠨᠡᠮᠡᠷᠢ ᠦᠵᠡᠭᠦᠯᠦᠨ᠎ᠡ ᠭᠡᠵᠦ ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠰ ᠢᠯᠡᠳᠬᠡᠵᠡᠭᠡᠪᠡ᠃ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠳᠠᠭᠠᠭᠠᠯᠭᠠᠪᠠ᠂ ᠮᠠᠨ ᠤ ᠬᠤᠰᠢᠭᠤ ᠦᠷᠭᠦᠯᠵᠢᠯᠡᠨ ᠴᠠᠭ ᠦᠶ᠎ᠡ ᠶᠢ ᠲᠠᠭᠠᠨ ᠪᠦᠬᠦ ᠲᠠᠯ᠎ᠠ ᠪᠠᠷ ᠤᠷᠤᠭᠰᠢᠯᠠᠵᠤ᠂ ᠵᠠᠮ ᠨᠡᠭᠡᠭᠡᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠴᠢᠷᠮᠠᠶᠢᠨ ᠠᠬᠢᠭᠤᠯᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号