ᠮᠠᠨ ᠤ ᠬᠤᠰᠢᠭᠤ ᠬᠠᠷᠠᠴᠢᠨ ᠸᠠᠩ ᠤᠨ ᠣᠷᠳᠣᠨ ᠤ ᠮᠦᠽᠧᠶ ᠶᠢᠨ ᠳᠡᠯᠭᠡᠨ ᠦᠵᠡᠭᠦᠯᠦᠯᠭᠡ ᠶᠢᠨ ᠬᠥᠲᠥᠯᠪᠦᠷᠢ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ
ᠨᠡᠶᠢᠲᠡᠯᠡᠭᠰᠡᠨ ᠴᠠᠭ᠄
2022/8/10
ᠮᠠᠨ ᠤ ᠬᠤᠰᠢᠭᠤ ᠬᠠᠷᠠᠴᠢᠨ ᠸᠠᠩ ᠤᠨ ᠣᠷᠳᠣᠨ ᠤ ᠮᠦᠽᠧᠶ ᠶᠢᠨ ᠳᠡᠯᠭᠡᠨ ᠦᠵᠡᠭᠦᠯᠦᠯᠭᠡ ᠶᠢᠨ ᠬᠥᠲᠥᠯᠪᠦᠷᠢ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ      8 ᠰᠠᠷ᠎ᠠ ᠶᠢᠨ 9 ᠤ ᠡᠳᠦᠷ᠂ ᠮᠠᠨ ᠤ ᠬᠤᠰᠢᠭᠤ ᠬᠠᠷᠠᠴᠢᠨ ᠸᠠᠩ ᠤᠨ ᠣᠷᠳᠣᠨ ᠤ ᠮᠦᠽᠧᠶ ᠶᠢᠨ ᠳᠡᠯᠭᠡᠨ ᠦᠵᠡᠭᠦᠯᠦᠯᠭᠡ ᠶᠢᠨ ᠬᠥᠲᠥᠯᠪᠦᠷᠢ ᠶᠢᠨ ᠬᠠᠷᠢᠭᠤ ᠮᠡᠳᠡᠭᠦᠯᠦᠯᠲᠡ ᠶᠢᠨ ᠬᠤᠷᠠᠯ ᠬᠢᠪᠠ᠃ ᠬᠤᠰᠢᠭᠤᠨ ᠨᠠᠮ ᠤᠨ ᠬᠤᠷᠢᠶ᠎ᠠ ᠶᠢᠨ ᠱᠦᠵᠢ ᠹᠠᠩ ᠷᠦᠢ᠂ ᠬᠤᠰᠢᠭᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠬᠤᠸᠠ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠳ᠋ᠦᠩ ᠯᠸᠢ᠂ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠸᠠᠩ ᠴᠢᠦ ᠶᠧ᠂ ᠳᠡᠳ᠋ ᠬᠤᠰᠢᠭᠤᠨ ᠳᠠᠷᠤᠭ᠎ᠠ ᠢ ᠰᠢᠤ ᠴᠢᠤᠸᠠᠨ ᠵᠢᠴᠢ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠣᠷᠣᠯᠴᠠᠵᠠᠶ᠃ ᠬᠤᠷᠠᠯ ᠠᠴᠠ ᠪᠠᠰᠠ ᠰᠦᠨ ᠶᠦᠩ ᠭᠠᠩ᠂ ᠦ᠋ ᠬᠠᠨ ᠴᠢᠨ᠂ ᠯᠢ ᠽᠢ ᠬᠦᠶ ᠵᠡᠷᠭᠡ ᠭᠤᠷᠪᠠᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠤᠷᠢᠵᠠᠶ᠃    ᠬᠤᠷᠠᠯ ᠳᠡᠭᠡᠷ᠎ᠡ᠂ ᠤᠤᠯ ᠤᠨ ᠥᠪᠥᠷ ᠮᠣᠩᠭᠤᠯ ᠤᠨ ᠮᠦᠽᠧᠶ ᠶᠢᠨ ᠳᠠᠷᠤᠭ᠎ᠠ᠂ ᠤᠯᠤᠰ ᠤᠨ ᠲᠡᠤᠬᠡ ᠶᠢᠨ ᠳᠤᠷᠠᠰᠬᠠᠯᠲᠤ ᠵᠦᠢᠯᠡᠰ ᠤᠨ ᠭᠡᠰᠢᠭᠦᠨ ᠱᠣᠤ ᠴᠢᠩ ᠯᠦᠩ ᠬᠠᠷᠠᠴᠢᠨ ᠸᠠᠩ ᠤᠨ ᠣᠷᠳᠣᠨ ᠤ ᠮᠦᠽᠧᠶ ᠶᠢ ᠥᠭᠡᠷᠡᠴᠢᠯᠡᠨ ᠳᠡᠪᠰᠢᠭᠦᠯᠵᠦ ᠳᠡᠯᠭᠡᠨ ᠦᠵᠡᠭᠦᠯᠬᠦ ᠬᠥᠲᠥᠯᠪᠦᠷᠢ ᠶᠢ ᠨᠠᠶᠢᠷᠠᠭᠤᠯᠤᠨ ᠵᠣᠬᠢᠶᠠᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠪᠠ︔ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠪᠣᠯᠤᠨ ᠬᠤᠷᠠᠯ ᠳᠤ ᠣᠷᠣᠯᠴᠠᠭᠰᠠᠳ ᠦᠵᠡᠭᠦᠯᠦᠯᠭᠡ ᠶᠢᠨ ᠭᠤᠣᠯ ᠱᠤᠭᠤᠮ᠂ ᠦᠵᠡᠭᠦᠯᠦᠯᠭᠡ ᠶᠢᠨ ᠠᠭᠤᠯᠭ᠎ᠠ᠂ ᠦᠵᠡᠭᠦᠯᠦᠯᠭᠡ ᠶᠢᠨ ᠬᠡᠯᠪᠡᠷᠢ ᠵᠡᠷᠭᠡ ᠲᠠᠯ᠎ᠠ ᠪᠠᠷ ᠭᠦᠨᠵᠡᠭᠡᠶ ᠶᠠᠷᠢᠯᠴᠠᠭᠰᠠᠨ ᠪᠥᠭᠡᠳ ᠮᠠᠰᠢ ᠣᠯᠠᠨ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃    ᠹᠠᠩ ᠷᠦᠢ ᠡᠯ᠎ᠡ ᠲᠤᠰᠬᠠᠶ ᠮᠡᠷᠭᠡᠵᠢᠯᠲᠡᠨ ᠤ ᠦᠨᠡᠯᠡᠨ ᠬᠢᠨᠠᠭᠰᠠᠨ ᠰᠠᠨᠠᠯ ᠳᠤ ᠲᠠᠯᠠᠷᠬᠠᠯ ᠪᠠ ᠨᠤᠲᠠᠯᠠᠯᠲᠠ ᠬᠢᠵᠦ ᠪᠠᠶᠢᠬᠤ ᠪᠠᠨ ᠢᠯᠡᠳᠬᠡᠵᠦ᠂ ᠡᠭᠦᠨ ᠤ ᠬᠠᠮᠲᠤ᠂ ᠦᠵᠡᠭᠦᠯᠦᠯᠭᠡ ᠶᠢᠨ ᠬᠥᠲᠥᠯᠪᠦᠷᠢ ᠶᠢ ᠨᠠᠶᠢᠷᠠᠭᠤᠯᠤᠨ ᠪᠢᠴᠢᠬᠦ ᠡᠮᠦᠨᠡᠬᠢ ᠬᠤᠭᠤᠴᠠᠭᠠᠨ ᠤ ᠠᠵᠢᠯ ᠢ ᠮᠠᠰᠢ ᠭᠦᠢᠴᠡᠳ ᠬᠢᠵᠦ᠂ ᠮᠠᠲ᠋ᠧᠷᠢᠶᠠᠯ ᠡᠯᠪᠡᠭ ᠪᠠᠶᠠᠯᠢᠭ᠂ ᠰᠤᠳᠠᠰᠤ ᠲᠣᠳᠣᠷᠬᠠᠶ ᠬᠢᠵᠡᠶ᠂ ᠲᠤᠰᠬᠠᠶ ᠮᠡᠷᠭᠡᠵᠢᠯᠲᠡᠨ ᠤ ᠰᠠᠨᠠᠯ ᠢ ᠦᠨᠳᠦᠰᠦᠯᠡᠨ ᠦᠵᠡᠭᠦᠯᠦᠯᠭᠡ ᠶᠢᠨ ᠬᠥᠲᠥᠯᠪᠦᠷᠢ ᠶᠢ ᠵᠠᠰᠠᠨ ᠲᠡᠭᠦᠯᠳᠡᠷᠵᠢᠭᠦᠯᠵᠦ᠂ ᠭᠠᠷᠴᠠᠭ ᠤᠨ ᠵᠣᠷᠢᠯᠲᠠ ᠪᠠ ᠠᠭᠤᠯᠭ᠎ᠠ ᠶᠢᠨ ᠦᠵᠡᠭᠦᠯᠦᠯᠭᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ ᠨᠠᠷᠢᠨ ᠵᠦᠢᠯᠡᠰ ᠤᠨ ᠲᠠᠯ᠎ᠠ ᠪᠠᠷ ᠢᠯᠡᠭᠦᠬᠡᠨ ᠬᠦᠴᠦ ᠣᠷᠣᠭᠤᠯᠵᠤ᠂ ᠲᠡᠤᠬᠡ ᠶᠢᠨ ᠪᠣᠳᠠᠲᠤ ᠬᠡᠷᠡᠭ ᠵᠢᠴᠢ ᠥᠰᠥᠭ ᠪᠢᠴᠢᠭ ᠢ ᠢᠯᠡᠭᠦᠬᠡᠨ ᠲᠤᠩᠭᠠᠨ ᠪᠣᠳᠣᠯᠬᠢᠯᠠᠵᠤ᠂ ᠠᠯᠳᠠᠭ᠎ᠠ ᠪᠤᠷᠤᠭᠤ ᠭᠠᠷᠭᠠᠬᠤ ᠥᠬᠡᠶ ᠪᠠᠶᠢᠬᠤ ᠶᠢ ᠦᠨᠡᠨ ᠬᠦ ᠪᠠᠲᠤᠯᠠᠬᠤ ᠶᠢᠨ ᠬᠠᠮᠲᠤ ᠭᠠᠵᠠᠷ ᠣᠷᠣᠨ ᠤ ᠣᠨᠴᠠᠯᠢᠭ ᠢ ᠢᠯᠡᠷᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃    ᠹᠠᠩ ᠷᠦᠢ ᠴᠢᠬᠤᠯᠠᠴᠢᠯᠠᠬᠤ ᠳᠠᠭᠠᠨ᠂ ᠬᠠᠷᠠᠴᠢᠨ ᠸᠠᠩ ᠤᠨ ᠣᠷᠳᠣᠨ ᠤ ᠮᠦᠽᠧᠶ ᠶᠢᠨ ᠳᠡᠯᠭᠡᠨ ᠦᠵᠡᠭᠦᠯᠦᠯᠭᠡ ᠶᠢᠨ ᠪᠠᠶᠢᠷᠢ ᠲᠣᠭᠲᠠᠭᠠᠯᠲᠠ ᠶᠢ ᠳᠡᠭᠡᠭᠰᠢᠯᠡᠭᠦᠯᠵᠦ᠂ 5A ᠲᠠᠰ ᠤᠨ ᠦᠵᠡᠮᠵᠢ ᠶᠢᠨ ᠣᠷᠣᠨ ᠢᠶᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠤᠨᠴᠠᠯᠢᠬᠳᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠨ᠂ ᠤᠯᠤᠰ ᠲᠥᠷᠥ᠂ ᠠᠵᠤ ᠠᠬᠤᠶ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ︔ ᠪᠣᠳᠠᠲᠤ ᠪᠣᠳᠠᠰ ᠤᠨ ᠡᠬᠢ ᠪᠠᠶᠠᠯᠢᠭ ᠢ ᠲᠡᠭᠦᠯᠳᠡᠷᠵᠢᠭᠦᠯᠵᠦ᠂ ᠦᠵᠡᠭᠦᠯᠭᠡ  ᠤᠨ ᠠᠮᠢᠳᠤᠯᠢᠭ ᠴᠢᠨᠠᠷ ᠪᠠ ᠰᠢᠭᠤᠳ ᠦᠵᠡᠭᠦᠯᠦᠯᠭᠡ ᠶᠢᠨ ᠴᠢᠨᠠᠷ ᠢ ᠴᠢᠩᠭᠠᠳᠬᠠᠵᠤ᠂ ᠭᠤᠣᠯᠳᠠᠯᠭ᠎ᠠ ᠶᠢ ᠲᠤᠪᠤᠶᠢᠯᠭᠠᠵᠦ᠂ ᠦᠵᠡᠭᠴᠢᠳ ᠤᠨ ᠣᠶᠢᠯᠠᠭᠠᠯᠲᠠ ᠲᠦᠷᠦᠭᠳᠡᠯ ᠢ ᠨᠡᠮᠡᠭᠳᠡᠭᠦᠯᠵᠦ᠂ ᠮᠦᠽᠧᠢ ᠶᠢ ᠬᠠᠷᠠᠴᠢᠨ ᠤ ᠭᠠᠵᠠᠷ ᠣᠷᠣᠨ ᠤ ᠰᠣᠶᠣᠯ ᠤᠨ ᠣᠨᠴᠠᠯᠢᠭ ᠢ ᠳᠡᠯᠭᠡᠨ ᠦᠵᠡᠭᠦᠯᠬᠦ᠂ ᠲᠡᠦᠬᠡ ᠰᠣᠶᠣᠯ  ᠢ ᠤᠯᠠᠮᠵᠢᠯᠠᠨ ᠵᠠᠯᠭᠠᠮᠵᠢᠯᠠᠬᠤ ᠴᠢᠬᠤᠯᠠ ᠴᠣᠩᠬᠤ ᠪᠣᠯᠭᠠᠨ ᠪᠠᠶᠢᠭᠤᠯᠬᠤ ᠬᠡᠷᠡᠭᠲᠡᠢ︔ ᠦᠵᠡᠭᠦᠯᠦᠯᠭᠡ ᠶᠢᠨ ᠬᠥᠲᠥᠯᠪᠦᠷᠢ ᠶᠢ ᠵᠢᠷᠤᠵᠤ ᠲᠥᠯᠥᠪᠯᠡᠬᠦ ᠠᠵᠢᠯ ᠢ ᠲᠦᠷᠭᠡᠬᠡᠨ ᠪᠡᠶᠡᠯᠡᠭᠦᠯᠵᠦ᠂ ᠦᠵᠡᠭᠦᠯᠦᠯᠭᠡ ᠶᠢᠨ ᠬᠥᠲᠥᠯᠪᠦᠷᠢ ᠶᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠦᠵᠡᠭᠦᠯᠦᠯᠭᠡ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃    ᠹᠠᠩ ᠷᠦᠢ ᠴᠢᠬᠤᠯᠠᠴᠢᠯᠠᠬᠤ ᠳᠠᠭᠠᠨ᠂ ᠬᠠᠷᠠᠴᠢᠨ ᠸᠠᠩ ᠤᠨ ᠣᠷᠳᠣᠨ ᠤ ᠮᠦᠽᠧᠶ ᠶᠢᠨ ᠳᠡᠯᠭᠡᠨ ᠦᠵᠡᠭᠦᠯᠦᠯᠭᠡ ᠶᠢᠨ ᠪᠠᠶᠢᠷᠢ ᠲᠣᠭᠲᠠᠭᠠᠯᠲᠠ ᠶᠢ ᠳᠡᠭᠡᠭᠰᠢᠯᠡᠭᠦᠯᠵᠦ᠂ 5A ᠲᠠᠰ ᠤᠨ ᠦᠵᠡᠮᠵᠢ ᠶᠢᠨ ᠣᠷᠣᠨ ᠢᠶᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠤᠨᠴᠠᠯᠢᠬᠳᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠬᠥᠭᠵᠢᠯᠲᠡ ᠶᠢ ᠳᠠᠶᠢᠴᠢᠯᠠᠨ᠂ ᠤᠯᠤᠰ ᠲᠥᠷᠥ᠂ ᠠᠵᠤ ᠠᠬᠤᠶ᠂ ᠰᠣᠶᠣᠯ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠶ︔ ᠪᠣᠳᠠᠲᠤ ᠪᠣᠳᠠᠰ ᠤᠨ ᠡᠬᠢ ᠪᠠᠶᠠᠯᠢᠭ ᠢ ᠲᠡᠭᠦᠯᠳᠡᠷᠵᠢᠭᠦᠯᠵᠦ᠂ ᠦᠵᠡᠰᠬᠦᠯᠡᠩ ᠤᠨ ᠠᠮᠢᠳᠤᠯᠢᠭ ᠴᠢᠨᠠᠷ ᠪᠠ ᠰᠢᠭᠤᠳ ᠦᠵᠡᠭᠦᠯᠦᠯᠭᠡ ᠶᠢᠨ ᠴᠢᠨᠠᠷ ᠢ ᠴᠢᠩᠭᠠᠳᠬᠠᠵᠤ᠂ ᠭᠤᠣᠯᠳᠠᠯᠭ᠎ᠠ ᠶᠢ ᠲᠤᠪᠤᠶᠢᠯᠭᠠᠵᠦ᠂ ᠦᠵᠡᠭᠴᠢᠳ ᠤᠨ ᠣᠶᠢᠯᠠᠭᠠᠯᠲᠠ ᠶᠢᠨ ᠠᠭᠤᠰᠤᠯᠴᠠᠯ ᠤᠨ ᠲᠦᠷᠦᠭᠳᠡᠯ ᠢ ᠨᠡᠮᠡᠭᠳᠡᠭᠦᠯᠵᠦ᠂ ᠮᠦᠽᠧᠢ ᠶᠢ ᠬᠠᠷᠠᠴᠢᠨ ᠤ ᠭᠠᠵᠠᠷ ᠣᠷᠣᠨ ᠤ ᠰᠣᠶᠣᠯ ᠤᠨ ᠣᠨᠴᠠᠯᠢᠭ ᠢ ᠳᠡᠯᠭᠡᠨ ᠦᠵᠡᠭᠦᠯᠬᠦ᠂ ᠲᠡᠦᠬᠡ ᠰᠣᠶᠣᠯ ᠢᠷᠭᠡᠨᠰᠢᠯ ᠢ ᠤᠯᠠᠮᠵᠢᠯᠠᠨ ᠵᠠᠯᠭᠠᠮᠵᠢᠯᠠᠬᠤ ᠴᠢᠬᠤᠯᠠ ᠴᠣᠩᠬᠤ ᠪᠣᠯᠭᠠᠨ ᠪᠠᠶᠢᠭᠤᠯᠬᠤ ᠬᠡᠷᠡᠭᠲᠡᠢ︔ ᠦᠵᠡᠭᠦᠯᠦᠯᠭᠡ ᠶᠢᠨ ᠬᠥᠲᠥᠯᠪᠦᠷᠢ ᠶᠢ ᠵᠢᠷᠤᠵᠤ ᠲᠥᠯᠥᠪᠯᠡᠬᠦ ᠠᠵᠢᠯ ᠢ ᠲᠦᠷᠭᠡᠬᠡᠨ ᠪᠡᠶᠡᠯᠡᠭᠦᠯᠵᠦ᠂ ᠦᠵᠡᠭᠦᠯᠦᠯᠭᠡ ᠶᠢᠨ ᠬᠥᠲᠥᠯᠪᠦᠷᠢ ᠶᠢ ᠤᠯᠠᠮ ᠨᠢᠭᠡ ᠠᠯᠬᠤᠮ ᠵᠠᠰᠠᠨ ᠲᠡᠭᠦᠯᠳᠡᠷᠵᠢᠭᠦᠯᠵᠦ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠦᠵᠡᠭᠦᠯᠦᠯᠭᠡ ᠶᠢᠨ ᠠᠵᠢᠯ ᠢ ᠬᠢᠨᠠᠮᠠᠭᠠᠶ ᠰᠠᠶᠢᠲᠤᠷ ᠬᠢᠬᠦ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号