ᠮᠠᠨ ᠤ ᠬᠤᠰᠢᠭᠤ ᠵᠠᠯᠠᠭᠤ ᠺᠠᠳ᠋ᠷᠴᠤᠳ ᠤᠨ ᠠᠵᠢᠯ ᠤᠨ ᠬᠤᠷᠠᠯ ᠵᠢᠴᠢ ᠰᠢᠯᠢᠳᠡᠭ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/12
ᠮᠠᠨ ᠤ ᠬᠤᠰᠢᠭᠤ ᠵᠠᠯᠠᠭᠤ ᠺᠠᠳ᠋ᠷᠴᠤᠳ ᠤᠨ ᠠᠵᠢᠯ ᠤᠨ ᠬᠤᠷᠠᠯ ᠵᠢᠴᠢ ᠰᠢᠯᠢᠳᠡᠭ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠬᠤᠷᠠᠯᠳᠤᠭᠤᠯᠪᠠ    8 ᠰᠠᠷ᠎ᠠ ᠶᠢᠨ 10 ᠤ ᠡᠳᠦᠷ᠂ ᠮᠠᠨ ᠤ ᠬᠤᠰᠢᠭᠤ 2022 ᠣᠨ ᠤ ᠬᠠᠷᠠᠴᠢᠨ ᠬᠤᠰᠢᠭᠤᠨ ᠤ ᠵᠠᠯᠠᠭᠤ ᠺᠠᠳ᠋ᠷᠴᠤᠳ ᠤᠨ ᠠᠵᠢᠯ ᠤᠨ ᠬᠤᠷᠠᠯ ᠵᠢᠴᠢ ᠰᠢᠯᠢᠳᠡᠭ ᠵᠠᠯᠠᠭᠤ ᠺᠠᠳ᠋ᠷᠴᠤᠳ ᠤᠨ ᠪᠣᠯᠪᠠᠰᠤᠷᠠᠯ ᠤᠨ ᠠᠩᠭᠢ ᠶᠢᠨ ᠠᠩᠭᠢ ᠡᠬᠢᠯᠡᠬᠦ ᠶᠣᠰᠣᠯᠠᠯ ᠡᠷᠭᠢᠯᠡᠵᠦ᠂ ᠨᠠᠮ ᠤᠨ ᠬᠤᠷᠢᠶᠠᠨ ᠤ ᠱᠦᠵᠢ ᠹᠠᠩ ᠷᠦᠢ ᠠᠩᠭᠢ ᠡᠬᠢᠯᠡᠬᠦ ᠶᠣᠰᠣᠯᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤᠤ ᠬᠤᠩ ᠲᠤ ᠠᠴᠠ ᠠᠩᠭᠢ ᠡᠬᠢᠯᠡᠬᠦ ᠶᠣᠰᠣᠯᠠᠯ ᠢ ᠡᠷᠭᠢᠯᠡᠵᠦ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠬᠤᠰᠢᠭᠤᠨ ᠰᠢᠭᠤᠳ ᠬᠠᠷᠢᠶ᠎ᠠ ᠨᠢᠭᠡᠴᠡ ᠶᠢᠨ 130 ᠭᠠᠷᠤᠶ ᠵᠠᠯᠠᠭᠤ ᠺᠠᠳ᠋ᠷ ᠵᠢᠴᠢ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ ᠠᠩᠭᠢ ᠡᠬᠢᠯᠡᠬᠦ ᠶᠣᠰᠣᠯᠠᠯ ᠳᠤ ᠣᠷᠣᠯᠴᠠᠵᠠᠶ᠃    ᠹᠠᠩ ᠷᠦᠢ᠂ ᠵᠣᠷᠢᠭ ᠰᠢᠭᠤᠳᠪᠠᠯ ᠰᠠᠶ᠋ᠢ ᠦᠢᠯᠡᠰ ᠪᠤᠰᠬᠠᠬᠤ᠂ ᠬᠦᠴᠢᠷ ᠵᠣᠪᠠᠭᠤᠷᠢ ᠶᠢ ᠠᠮᠰᠠᠪᠠᠯ ᠰᠠᠶ᠋ᠢ ᠲᠠᠭᠠᠰᠢᠶᠠᠭᠳᠠᠬᠤ᠂ ᠬᠠᠷᠢᠭᠤᠴᠠᠯᠭ᠎ᠠ ᠡᠭᠦᠷᠭᠡᠯᠡᠪᠡᠯ ᠰᠠᠶ᠋ᠢ ᠬᠠᠷᠢᠭᠤᠴᠠᠯᠭ᠎ᠠ ᠪᠠᠨ ᠭᠦᠢᠴᠡᠳᠬᠡᠬᠦ᠂ ᠲᠦᠷᠢᠮ ᠲᠣᠭᠲᠠᠭᠠᠯ ᠢ ᠲᠣᠳᠣᠷᠬᠠᠶᠢᠯᠠᠪᠠᠯ ᠰᠠᠶ᠋ᠢ ᠰᠠᠬᠢᠯᠭ᠎ᠠ ᠪᠠᠲᠤ ᠶᠢ ᠰᠠᠬᠢᠬᠤ᠂ ᠦᠢᠯᠡᠰ ᠪᠦᠲᠦᠭᠡᠪᠡᠯ ᠰᠠᠶ᠋ᠢ ᠣᠷᠣᠨ ᠪᠠᠶᠢᠷᠢ ᠲᠠᠢ ᠪᠣᠯᠬᠤ᠂ ᠦᠢᠯᠡᠴᠢᠯᠡᠪᠡᠯ ᠰᠠᠶ᠋ᠢ ᠤᠯᠠᠨ ᠢ ᠪᠢᠰᠢᠷᠡᠭᠦᠯᠬᠦ ᠵᠢᠷᠭᠤᠭᠠᠨ ᠲᠠᠯ᠎ᠠ ᠶᠢᠨ ᠲᠣᠭᠤᠷᠢᠨ ᠳᠤ ᠪᠦᠬᠦ ᠬᠤᠰᠢᠭᠤᠨ ᠤ ᠥᠷᠭᠡᠨ ᠤᠯᠠᠨ ᠵᠠᠯᠠᠭᠤ ᠺᠠᠳ᠋ᠷᠴᠤᠳ ᠲᠤ ᠬᠦᠰᠡᠯ ᠱᠠᠭᠠᠷᠳᠠᠯᠭ᠎ᠠ ᠪᠠᠨ ᠳᠤᠷᠠᠳᠤᠭᠰᠠᠨ ᠪᠠᠶᠢᠨ᠎ᠠ᠃    ᠹᠠᠩ ᠷᠦᠢ ᠵᠢᠭᠠᠵᠤ ᠭᠠᠷᠭᠠᠭᠰᠠᠨ ᠨᠢ᠂ ᠥᠷᠭᠡᠨ ᠤᠯᠠᠨ ᠵᠠᠯᠠᠭᠤ ᠺᠠᠳ᠋ᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ︔ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠬᠡᠷᠡᠭᠲᠡᠶ︔ ᠠᠯᠤᠰ ᠬᠡᠳᠤ ᠶᠢᠨ ᠬᠦᠰᠡᠯᠡᠩ ᠢ ᠪᠤᠢ ᠪᠣᠯᠭᠠᠵᠤ᠂ ᠶᠡᠭᠡ ᠦᠢᠯᠡᠰ ᠪᠦᠲᠦᠭᠡᠬᠦ ᠪᠠᠷ ᠵᠣᠷᠢᠭ ᠰᠢᠭᠤᠳᠴᠤ᠂ ᠦᠢᠯᠡᠰ ᠪᠦᠲᠦᠭᠡᠵᠦ᠂ ᠥᠷᠭᠡᠨ ᠠᠭᠤᠳᠠᠮ ᠣᠷᠣᠨ ᠵᠠᠢ ᠶᠢ ᠨᠡᠭᠡᠭᠡᠬᠦ ᠬᠡᠷᠡᠭᠲᠡᠢ︔ ᠶᠡᠭᠡ ᠲᠠᠯ᠎ᠠ ᠶᠢᠨ ᠤᠬᠠᠮᠰᠠᠷ ᠢᠶᠠᠨ ᠴᠢᠩᠬᠠᠳᠬᠠᠵᠤ᠂ ᠪᠦᠭᠦ ᠬᠤᠰᠢᠭᠤᠨ ᠤ ᠬᠦᠭᠵᠢᠯᠲᠡ ᠶᠢᠨ ᠤᠷᠤᠰᠬᠠᠯ ᠳᠤᠮᠳᠠ ᠬᠠᠯᠠᠭᠤᠨ ᠬᠦᠴᠦᠨ ᠢ ᠪᠠᠳᠠᠷᠠᠭᠤᠯᠤᠨ᠂ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠃ ᠪᠣᠳᠠᠲᠤ ᠪᠠᠶᠢᠳᠠᠯ ᠢ ᠴᠢᠬᠤᠯᠠᠴᠢᠯᠠᠵᠤ᠂ ᠠᠯᠢᠪᠠ ᠪᠦᠬᠦᠨ ᠳᠤ ᠪᠣᠳᠠᠲᠤ ᠪᠠᠶᠢᠳᠠᠯ ᠢ ᠦᠨᠳᠦᠰᠦᠯᠡᠬᠦ ᠶᠢ ᠪᠠᠷᠢᠮᠲᠠᠯᠠᠬᠤ ᠬᠡᠷᠡᠭᠲᠡᠶ︔ ᠦᠨᠡᠨ ᠠᠴᠠ ᠵᠥᠪ ᠢ ᠡᠷᠢᠵᠦ᠂ ᠦᠨᠡᠨ ᠦᠭᠡ ᠬᠡᠯᠡᠵᠦ᠂ ᠪᠣᠳᠠᠲᠤ ᠠᠵᠢᠯ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠶ︔ ᠵᠣᠪᠠᠭᠤᠷᠢ ᠵᠦᠳᠡᠭᠦᠷᠢ ᠠᠴᠠ ᠠᠶᠤᠬᠤ ᠦᠭᠡᠢ᠂ ᠥᠪᠡᠷ ᠢ ᠪᠠᠨ ᠪᠠᠶᠠᠰᠬᠠᠬᠤ ᠰᠡᠳᠬᠢᠯᠭᠡ ᠲᠠᠢ ᠪᠠᠶᠢᠬᠤ ᠬᠡᠷᠡᠭᠲᠡᠶ︔ ᠲᠤᠭᠲᠠᠮᠠᠯ ᠬᠦᠴᠦᠨ ᠢᠶᠠᠨ ᠪᠠᠲᠤᠯᠠᠵᠤ᠂ ᠶᠠᠳᠠᠭᠤ ᠵᠦᠳᠡᠭᠦᠦ ᠶᠢ ᠰᠠᠬᠢᠵᠤ᠂ ᠤᠶᠢᠳᠬᠠᠷ ᠢ ᠳᠠᠭᠠᠭᠠᠵᠤ᠂ ᠰᠢᠯᠭᠠᠯᠲᠠ ᠶᠢ ᠳᠠᠭᠠᠭᠠᠬᠤ ᠬᠡᠷᠡᠭᠲᠡᠢ᠃    ᠹᠠᠩ ᠷᠦᠢ ᠴᠢᠬᠤᠯᠠᠴᠢᠯᠠᠭᠰᠠᠨ ᠨᠢ ᠂ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠢ᠂ ᠤᠴᠢᠷ ᠶᠠᠪᠤᠳᠠᠯ ᠢ ᠬᠢᠬᠦ ᠳᠤ ᠬᠦᠴᠢᠷ ᠠᠴᠠ ᠵᠠᠶᠢᠯᠠᠵᠤ ᠪᠣᠯᠬᠤ ᠦᠭᠡᠢ᠂ ᠦᠨᠡᠨ ᠶᠣᠰᠣᠨ ᠤ ᠲᠥᠯᠥᠭᠡ ᠬᠠᠷᠢᠭᠤᠴᠠᠯᠭ᠎ᠠ ᠠᠴᠠ ᠵᠠᠶᠢᠯᠠᠵᠤ ᠪᠣᠯᠬᠤ ᠦᠭᠡᠢ᠂ ᠵᠣᠷᠢᠭᠲᠠᠢ ᠰᠡᠳᠬᠢᠵᠦ ᠵᠣᠷᠢᠭᠲᠠᠢ ᠬᠢᠬᠦ ᠬᠡᠷᠡᠭᠲᠡᠢ︔ ᠴᠢᠩᠭ᠎ᠠ ᠠᠷᠭ᠎ᠠ ᠠᠪᠴᠠᠯ ᠲᠠᠢ ᠪᠠᠶᠢᠵᠤ᠂ ᠠᠷᠭ᠎ᠠ ᠪᠤᠳᠤᠯᠭ᠎ᠠ ᠶᠢ ᠡᠷᠬᠢᠮᠯᠡᠬᠦ᠂ ᠠᠵᠢᠯ ᠬᠢᠵᠦ ᠴᠢᠳᠠᠬᠤ᠂ ᠠᠵᠢᠯ ᠪᠦᠲᠦᠭᠡᠵᠦ ᠴᠢᠳᠠᠬᠤ᠂ ᠤᠴᠢᠷ ᠶᠠᠪᠤᠳᠠᠯ ᠪᠦᠲᠦᠭᠡᠵᠦ ᠴᠢᠳᠠᠬᠤ ᠶᠢ ᠴᠢᠬᠤᠯᠠᠴᠢᠯᠠᠬᠤ ᠬᠡᠷᠡᠭᠲᠡᠢ︔ ᠰᠥᠰᠥ ᠵᠣᠷᠢᠭ ᠲᠠᠢ ᠪᠠᠶᠢᠵᠤ᠂ ᠵᠥᠷᠢᠴᠡᠯ ᠢ ᠵᠣᠷᠢᠭᠲᠠᠢ ᠬᠦᠨᠳᠡᠵᠦ᠂ ᠠᠰᠠᠭᠤᠳᠠᠯ ᠢ ᠰᠢᠢᠳᠪᠦᠷᠢᠯᠡᠵᠦ᠂ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠢ᠃ ᠪᠡᠶ᠎ᠡ ᠪᠠᠨ ᠴᠢᠩᠭ᠎ᠠ ᠱᠠᠭᠠᠷᠳᠠᠵᠤ᠂ ᠲᠥᠪ ᠴᠢᠬᠡᠴᠢ ᠶᠣᠰᠣ ᠰᠤᠷᠲᠠᠬᠤᠨ ᠲᠠᠢ ᠪᠠᠶᠢᠵᠤ᠂ ᠨᠠᠮ ᠪᠣᠯᠤᠨ ᠠᠷᠠᠳ ᠲᠦᠮᠡᠨ ᠢ ᠢᠮᠠᠭᠲᠠ ᠰᠡᠳᠬᠢᠯ ᠵᠢᠷᠦᠬᠡᠨ ᠤ ᠪᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠬᠤ ᠬᠡᠷᠡᠭᠲᠡᠢ︔ ᠨᠠᠶᠢᠵᠠᠯᠠᠬᠤ ᠳᠠᠭᠠᠨ ᠪᠣᠯᠭᠤᠮᠵᠢᠲᠠᠢ ᠪᠠᠶᠢᠵᠤ᠂ ᠤᠬᠠᠮᠰᠠᠷ ᠠᠴᠠ ᠪᠠᠨ ᠨᠠᠶᠢᠵᠠ ᠶᠢᠨ ᠬᠦᠷᠢᠶ᠎ᠡ ᠪᠠᠨ ᠴᠡᠪᠡᠷᠰᠢᠭᠦᠯᠵᠦ᠂ ᠠᠵᠢᠯᠯᠠᠭ᠎ᠠ ᠶᠢᠨ ᠬᠦᠷᠢᠶ᠎ᠡ ᠪᠠᠨ ᠰᠠᠶᠢᠲᠤᠷ ᠬᠠᠮᠢᠶᠠᠷᠬᠤ ᠬᠡᠷᠡᠭᠲᠡᠢ᠃    ᠹᠠᠩ ᠷᠦᠢ ᠱᠠᠭᠠᠷᠳᠠᠭᠰᠠᠨ ᠨᠢ᠂ ᠢᠯᠡᠭᠦᠬᠡᠨ ᠨᠣᠮ ᠤᠩᠰᠢᠵᠤ᠂ ᠰᠠᠶᠢᠨ ᠨᠣᠮ ᠤᠩᠰᠢᠵᠤ᠂ ᠨᠣᠮ ᠤᠨ ᠳᠤᠮᠳᠠ ᠠᠴᠠ ᠰᠢᠨ᠎ᠡ ᠮᠡᠳᠡᠯᠭᠡ ᠣᠯᠵᠤ᠂ ᠨᠣᠮ ᠤᠨ ᠳᠤᠮᠳᠠ ᠠᠴᠠ ᠪᠣᠯᠪᠠᠰᠤᠷᠠᠯ ᠢᠶᠠᠨ ᠳᠡᠭᠡᠭᠰᠢᠯᠡᠭᠦᠯᠬᠦ ᠬᠡᠷᠡᠭᠲᠡᠶ︔ ᠦᠢᠯᠡᠳᠦᠯᠭᠡ ᠠᠴᠠ ᠵᠣᠷᠢᠭᠲᠠᠶ ᠪᠠᠷ ᠰᠤᠷᠤᠯᠴᠠᠵᠤ᠂ ᠰᠤᠷᠬᠤ ᠪᠠ ᠬᠡᠷᠡᠭᠯᠡᠬᠦ᠂ ᠮᠡᠳᠡᠬᠦ ᠪᠠ ᠬᠢᠬᠦ ᠶᠢ ᠨᠢᠭᠡᠳᠬᠡᠬᠦ ᠶᠢ ᠪᠠᠷᠢᠮᠲᠠᠯᠠᠵᠤ᠂ ᠠᠵᠢᠯᠯᠠᠬᠤ ᠳᠤᠮᠳᠠ ᠪᠠᠨ ᠰᠤᠷᠤᠯᠴᠠᠬᠤ᠂ ᠰᠤᠷᠤᠯᠴᠠᠬᠤ ᠳᠤᠮᠳᠠ ᠪᠠᠨ ᠠᠵᠢᠯᠯᠠᠬᠤ ᠶᠢ ᠪᠠᠷᠢᠮᠲᠠᠯᠠᠬᠤ ᠬᠡᠷᠡᠭᠲᠡᠶ︔ ᠵᠠᠮ ᠨᠡᠭᠡᠭᠡᠨ ᠰᠢᠨ᠎ᠡ ᠶᠢ ᠡᠭᠦᠳᠬᠦ ᠳᠡᠭᠡᠨ ᠴᠢᠳᠠᠮᠠᠭᠠᠶ ᠪᠠᠶᠢᠵᠤ᠂ ᠲᠥᠷᠥᠯᠬᠢ ᠴᠢᠨᠠᠷ ᠢᠶᠠᠨ ᠬᠠᠳᠠᠭᠠᠯᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠤᠷᠤᠭᠰᠢᠯᠠᠨ ᠴᠢᠷᠮᠠᠢᠬᠤ ᠬᠡᠷᠡᠭᠲᠡᠢ᠃    ᠵᠦ ᠬᠤᠩ ᠲᠦ᠋ ᠹᠠᠩ ᠱᠦᠵᠢ ᠶᠢᠨ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠵᠠᠯᠠᠭᠤ ᠺᠠᠳ᠋ᠷᠴᠤᠳ ᠢ ᠪᠣᠯᠪᠠᠰᠤᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠠᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号