2022 ᠣᠨ ᠤ ᠤᠯᠠᠭᠠᠨᠬᠠᠳᠠ ᠬᠤᠲᠠ ᠶᠢᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ | ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠭᠰᠠᠳ ᠮᠧᠶ ᠯᠢᠨ ᠬᠥ᠋ ᠦᠵᠡᠮᠵᠢ ᠶᠢᠨ ᠣᠷᠣᠨ ᠳᠤ | ᠬᠦᠷᠴᠦ ᠲᠣᠭᠤᠷᠢᠨ ᠦᠵᠡᠪᠡ | 8 ᠰᠠᠷ᠎ᠠ ᠶᠢᠨ 11 ᠤ ᠡᠳᠦᠷ᠂ 2022 ᠤᠯᠠᠭᠠᠨᠬᠠᠳᠠ ᠬᠤᠲᠠ ᠶᠢᠨ ᠪᠥᠬᠦ ᠣᠷᠣᠨ ᠪᠦᠰᠡ ᠶᠢᠨ | ᠵᠢᠭᠤᠯᠴᠢᠯᠠᠯ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠢᠴᠢ ᠥᠪᠥᠷ ᠮᠣᠩᠭᠤᠯ ᠡᠾᠤᠪᠸᠢ | ᠯᠢᠶᠣᠤᠨᠢᠩ ᠤᠨ ᠲᠠᠪᠤᠨ ᠬᠤᠲᠠ ᠶᠢᠨ ᠰᠣᠶᠣᠯ ᠵᠢᠭᠤᠯᠴᠢᠯᠠᠯ ᠤᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ ᠳᠤ | ᠣᠷᠣᠯᠴᠠᠭᠰᠠᠳ ᠮᠠᠨ ᠤ ᠬᠤᠰᠢᠭᠤᠨ ᠤ ᠮᠧᠶ ᠯᠢᠨ ᠬᠥ᠋ ᠦᠵᠡᠮᠵᠢ ᠶᠢᠨ ᠣᠷᠣᠨ ᠳᠤ ᠬᠦᠷᠴᠦ ᠲᠣᠭᠤᠷᠢᠨ ᠦᠵᠡᠪᠡ᠃ | ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠸᠠᠩ ᠸᠠᠩ ᠱᠧᠩ᠂ ᠬᠤᠲᠠ ᠶᠢᠨ | ᠵᠠᠰᠠᠭ ᠤᠨ ᠣᠷᠳᠣᠨ ᠤ ᠳᠡᠳ᠋ ᠳᠠᠷᠤᠭ᠎ᠠ ᠮᠧᠩ ᠰᠢᠶᠤᠤ ᠪᠢᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ | ᠪᠢᠴᠢᠭ ᠤᠨ ᠳᠠᠷᠤᠭ᠎ᠠ ᠴᠧᠨ ᠵᠢᠩ ᠬᠤᠸᠠ᠂ ᠬᠤᠲᠠ ᠶᠢᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ | ᠳᠠᠷᠤᠭ᠎ᠠ ᠸᠠᠩ ᠴᠧᠨ ᠹᠸᠢ᠂ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ᠂ ᠵᠢᠭᠤᠯᠴᠢᠯᠠᠯ ᠤᠨ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠬᠤᠰᠢᠭᠤ | ᠰᠢᠶᠠᠨ ᠲᠣᠭᠤᠷᠢᠭ ᠤᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠬᠠᠮᠢᠶ᠎ᠠ ᠪᠥᠬᠦᠶ | ᠬᠠᠷᠢᠭᠤᠴᠠᠯᠭᠠᠲᠠᠨ᠂ ᠬᠡᠰᠡᠭ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ | ᠲᠣᠭᠤᠷᠢᠨ ᠦᠵᠡᠬᠦ ᠳᠤ ᠣᠷᠣᠯᠴᠠᠪᠠ᠃ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ | ᠵᠤᠤ ᠶᠠᠨ ᠬᠤᠩ ᠮᠠᠨ ᠤ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ | ᠬᠠᠷᠢᠭᠤ ᠮᠡᠳᠡᠭᠦᠯᠪᠡ᠃ | ᠵᠤᠤ ᠶᠠᠨ ᠬᠤᠩ ᠢᠯᠡᠳᠬᠡᠭᠰᠡᠨ ᠨᠢ ᠂ ᠬᠤᠳᠠ ᠶᠢᠨ ᠨᠠᠮ ᠤᠨ | ᠬᠤᠷᠢᠶ᠎ᠡ ᠂ ᠵᠠᠰᠠᠭ ᠤᠨ ᠣᠷᠳᠣᠨ ᠤ ᠲᠣᠭᠲᠠᠭᠠᠭᠰᠠᠨ ᠪᠦᠬᠦ ᠣᠷᠣᠨ ᠪᠦᠰᠡ ᠶᠢᠨ ᠪᠦᠬᠦ | ᠤᠯᠠᠷᠢᠯ ᠤᠨ ᠵᠢᠭᠤᠯᠴᠢᠯᠠᠯ ᠤᠨ ︽ᠨᠢᠭᠡ ᠲᠣᠭᠤᠷᠢᠯ ᠨᠢᠭᠡ ᠱᠤᠭᠤᠮ︾ ᠤᠨ ᠬᠥᠭᠵᠢᠯᠲᠡ ᠶᠢᠨ ᠪᠠᠶᠢᠷᠢᠰᠢᠭᠤᠯᠤᠯᠲᠠ | ᠶᠣᠰᠣᠭᠠᠷ᠂ ᠬᠠᠷᠠᠴᠢᠨ ᠬᠤᠰᠢᠭᠤ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠵᠤ᠂ ᠳᠤᠲᠠᠭᠤᠳᠠᠯ ᠢᠶᠠᠨ | ᠲᠠᠰᠤᠷᠠᠯᠳᠠ ᠦᠭᠡᠢ ᠨᠥᠬᠦᠪᠥᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠳᠡᠭᠡᠭᠰᠢᠯᠡᠯᠲᠡ ᠪᠠᠨ | ᠠᠬᠢᠭᠤᠯᠵᠤ᠂ ᠪᠦᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠲᠦᠷᠭᠡᠨ ᠬᠥᠭᠵᠢᠪᠡ᠃ | ᠣᠳᠣᠬᠠᠨ ᠳᠤ᠂ ᠪᠥᠬᠦ ᠬᠤᠰᠢᠭᠤᠨ ᠳᠤ ᠮᠧᠢ ᠯᠢᠨ ᠭᠦ᠋ ᠶᠢᠨ ᠥᠨᠳᠦᠷᠯᠢᠭ ᠤᠨ ᠬᠥᠳᠡᠯᠭᠡᠭᠡᠨ | ᠰᠡᠯᠡᠭᠦᠴᠡᠯ ᠠᠮᠠᠷᠠᠯᠲᠠ ᠶᠢᠨ ᠣᠷᠣᠨ ᠨᠢᠭᠡ ᠪᠠᠢᠵᠤ᠂ ᠸᠠᠩ ᠤᠨ ᠣᠷᠳᠣᠨ ᠤ ᠮᠦᠽᠧᠶ ᠪᠠ | ᠮᠧᠢ ᠯᠢᠨ ᠭᠦ᠋ ᠴᠠᠰᠤᠨ ᠳᠤ ᠭᠤᠯᠭᠤᠬᠤ ᠲᠠᠯᠠᠪᠤᠷ ᠵᠡᠷᠭᠡ ᠬᠤᠶᠠᠷ 4 | A ᠲᠠᠰ ᠤᠨ ᠦᠵᠡᠮᠵᠢ ᠶᠢᠨ ᠣᠷᠣᠨ᠂ ᠮᠠ ᠠᠨ ᠱᠠᠨ ᠤ ᠤᠯᠠᠭᠠᠨ ᠠᠷᠢᠬᠢᠨ ᠤ ᠡᠳ᠋ᠯᠡᠩ᠂ ᠱᠠᠨ | ᠷᠦᠩ ᠠᠶᠢᠮᠠᠭ ᠵᠡᠷᠭᠡ ᠬᠤᠶᠠᠷ 3 A ᠲᠠᠰ ᠤᠨ ᠦᠵᠡᠮᠵᠢ ᠶᠢᠨ ᠣᠷᠣᠨ ᠪᠠᠶᠢᠨ᠎ᠠ᠃ | ᠤᠷᠢᠳ ᠬᠤᠵᠢᠳ ︽ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠬᠤᠰᠢᠭᠤ︾᠂ ︽ᠤᠯᠤᠰ ᠤᠨ ᠣᠶ ᠰᠢᠭᠤᠶ ᠶᠢᠨ ᠵᠢᠭᠤᠯᠴᠢᠯᠠᠯ ᠤᠨ ᠵᠢᠱᠢᠶ᠎ᠡ | ᠦᠵᠡᠭᠦᠯᠬᠦ ᠰᠢᠶᠠᠨ︾ ᠵᠡᠷᠭᠡ ᠢᠷᠠᠭᠤ ᠠᠯᠳᠠᠷ ᠤᠨ ᠴᠣᠯᠠ ᠶᠢ ᠭᠥᠷᠳᠡᠵᠦ᠂ ᠥᠪᠡᠷᠲᠡᠭᠡᠨ ᠵᠠᠰᠠᠬᠤ ᠣᠷᠣᠨ ᠤ | ᠲᠠᠰ ᠤᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ | ᠪᠠᠶᠢᠭᠤᠯᠪᠠ᠃ | ᠵᠣᠣ ᠶᠠᠨ ᠬᠤᠩ ᠢᠯᠡᠷᠬᠡᠶᠢᠯᠡᠬᠦ ᠳᠡᠭᠡᠨ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ᠂ ᠬᠠᠷᠠᠴᠢᠨ ᠬᠤᠰᠢᠭᠤᠨ ᠤ ᠬᠢᠨ ᠰᠣᠶᠣᠯ ᠵᠤᠭᠠᠴᠠᠯ ᠤᠨ ᠦᠢᠯᠡᠰ ᠢᠶᠠᠷ ᠪᠦᠬᠦ ᠬᠤᠰᠢᠭᠤᠨ ᠤ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠴᠢᠬᠤᠯᠠ ᠭᠠᠷᠳᠠᠴᠠ ᠪᠠ ᠰᠢᠨ᠎ᠡ ᠬᠥᠳᠡᠯᠭᠡᠭᠦᠷ ᠪᠣᠯᠭᠠᠬᠤ ᠶᠢ | ᠪᠠᠷᠢᠮᠲᠠᠯᠠᠵᠤ᠂ ︽ᠤᠯᠤᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ᠢ ᠡᠭᠦᠳᠦᠨ | ᠪᠠᠶᠢᠭᠤᠯᠬᠤ ᠪᠠᠷ ᠬᠠᠷᠠᠯᠲᠠ ᠪᠣᠯᠭᠠᠵᠤ᠂ ︽ᠰᠢᠨ᠎ᠡ ᠰᠣᠷᠭᠤᠭ ᠬᠠᠷᠠᠴᠢᠨ᠂ ᠡᠷᠡᠭᠦᠯ ᠡᠩᠬᠡ ᠠᠮᠢ ᠠᠬᠤᠶ ᠶᠢᠨ | ᠵᠢᠭᠤᠯᠴᠢᠯᠠᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠰᠣᠶᠣᠯ ᠤᠨ ᠵᠢᠭᠤᠯᠴᠢᠯᠠᠯ᠂ | ᠲᠠᠷᠢᠶᠠᠯᠠᠩ ᠤᠨ ᠵᠢᠭᠤᠯᠴᠢᠯᠠᠯ᠂ ᠪᠡᠶ᠎ᠡ ᠶᠢᠨ ᠲᠠᠮᠢᠷ ᠤᠨ ᠵᠢᠭᠤᠯᠴᠢᠯᠠᠯ᠂ ᠰᠤᠷᠭᠠᠨ ᠬᠥᠮᠦᠵᠢᠯ ᠤᠨ ᠵᠢᠭᠤᠯᠴᠢᠯᠠᠯ᠂ | ᠡᠷᠡᠭᠦᠯ ᠡᠩᠬᠡ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠭᠤᠤᠯᠯᠠᠬᠤ ᠦᠵᠡᠮᠵᠢ ᠶᠢᠨ | ᠣᠷᠣᠨ ᠢᠶᠠᠷ ᠲᠤᠯᠭᠠᠭᠤᠷᠢᠯᠠᠯ ᠪᠣᠯᠭᠠᠭᠰᠠᠨ᠂ ᠬᠥᠳᠡᠭᠡ ᠲᠣᠰᠬᠤᠨ ᠤ ᠵᠢᠭᠤᠯᠴᠢᠯᠠᠯ ᠢᠶᠠᠷ ᠨᠥᠬᠦᠪᠥᠷᠢ ᠪᠣᠯᠭᠠᠭᠰᠠᠨ ︽ | ᠪᠥᠬᠦ ᠴᠠᠷᠠᠭᠠᠨ ᠳᠤ ᠴᠥᠮ ᠥᠩᠭᠡ ᠦᠵᠡᠮᠵᠢ᠂ ᠳᠥᠷᠪᠡᠨ ᠤᠯᠠᠷᠢᠯ ᠳᠤ ᠴᠥᠮ ᠵᠤᠭᠠᠴᠠᠵᠤ ᠳᠡᠶᠢᠯᠬᠦ︾ | ᠵᠢᠭᠤᠯᠴᠢᠯᠠᠯ ᠤᠨ ᠬᠥᠭᠵᠢᠯᠲᠡ ᠶᠢᠨ ᠪᠠᠶᠢᠷᠢᠰᠢᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ | ᠪᠥᠬᠦ ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ | ᠲᠠᠨᠢᠯᠴᠠᠭᠤᠯᠤᠭᠰᠠᠨ ᠰᠠᠭᠤᠷᠢᠨ ᠳᠡᠭᠡᠷ᠎ᠡ᠂ ᠵᠣᠣ ᠶᠠᠨ ᠬᠤᠩ ᠪᠠᠰᠠ ᠲᠥᠯᠥᠪᠯᠡᠭᠡ ᠶᠢ ᠴᠢᠩᠭᠠᠳᠬᠠᠬᠤ᠂ ᠵᠠᠰᠠᠭ ᠤᠨ | ᠣᠷᠳᠣᠨ ᠤ ᠵᠢᠯᠣᠭᠤᠳᠣᠯᠭ᠎ᠠ ᠶᠢ ᠴᠢᠩᠭᠠᠳᠬᠠᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ | ᠴᠢᠩᠭᠠᠳᠬᠠᠬᠤ᠂ ᠦᠷᠭᠦᠯᠵᠢᠯᠡᠨ ᠰᠢᠨ᠎ᠡ ᠶᠢ ᠡᠭᠦᠳᠦᠨ ᠬᠥᠭᠵᠢᠭᠦᠯᠬᠦ ᠵᠡᠷᠭᠡ ᠳᠥᠷᠪᠡᠨ ᠲᠠᠯ᠎ᠠ ᠪᠠᠷ ᠵᠢᠭᠤᠯᠴᠢᠯᠠᠯ ᠤᠨ | ᠠᠵᠤ ᠦᠢᠯᠡᠰ ᠤᠨ ᠬᠥᠭᠵᠢᠯᠲᠡ ᠶᠢᠨ ᠶᠠᠪᠤᠴᠠ ᠳᠠᠬᠢ ᠲᠥᠷᠥᠭᠳᠡᠯ ᠢᠶᠠᠨ ᠬᠠᠷᠢᠭᠤ ᠮᠡᠳᠡᠭᠦᠯᠪᠡ᠃ | ᠸᠠᠩ ᠸᠠᠩ ᠱᠧᠩ ᠴᠢᠩᠭᠠᠳᠬᠠᠭᠰᠠᠨ ᠨᠢ ᠂ ᠡᠯ᠎ᠡ | ᠭᠠᠵᠠᠷ ᠡᠯ᠎ᠡ ᠰᠠᠯᠠᠭ᠎ᠠ ᠮᠥᠴᠢᠷ ᠦᠨ ᠬᠢᠨ | ᠤᠯᠤᠰ ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠡᠯ᠎ᠡ ᠵᠦᠢᠯ ᠦᠨ ᠲᠦᠷᠦ ᠶᠢᠨ | ᠪᠤᠳᠤᠯᠭ᠎ᠠ ᠶᠢ ᠠᠰᠢᠭᠯᠠᠵᠤ ᠂ ᠠᠰᠢᠭᠲᠠᠢ ᠠᠵᠠ | ᠲᠣᠬᠢᠶᠠᠯ ᠢ ᠠᠮᠵᠢᠵᠤ ᠂ ᠪᠡᠯᠡ ᠮᠥᠩᠭᠥ | ᠪᠣᠯᠤᠨ ᠲᠦᠷᠦᠯ ᠵᠦᠢᠯ ᠦᠨ ᠳᠡᠮᠵᠢᠯᠭᠡ ᠶᠢ | ᠢᠳᠡᠪᠬᠢᠲᠡᠢ ᠣᠯᠵᠤ ᠂ ᠲᠦᠷᠦᠯ ᠵᠦᠢᠯ ᠦᠨ | ᠲᠥᠯᠥᠪᠵᠢᠭᠦᠯᠭᠡ ᠪᠡᠨ ᠴᠢᠩᠭᠠᠳᠬᠠᠬᠤ | ᠬᠡᠷᠡᠭᠲᠡᠢ ︔ ᠬᠥᠳᠡᠭᠡ ᠲᠣᠰᠬᠣᠨ ᠢ | ᠬᠥᠭᠵᠢᠭᠦᠯᠦᠨ ᠮᠠᠨᠳᠤᠭᠤᠯᠬᠤ ᠵᠢᠱᠢᠶ᠎ᠡ | ᠦᠵᠡᠭᠦᠯᠬᠦ ᠴᠡᠭ ᠦᠨ ᠪᠠᠶᠢᠭᠤᠯᠤᠯᠲᠠ ᠶᠢᠨ | ᠲᠣᠭᠣᠷᠢᠨ ᠳᠤ ᠂ ᠪᠠᠯᠠ ᠮᠥᠩᠭᠥ ᠶᠢᠨ | ᠬᠡᠷᠡᠭᠯᠡᠯᠲᠡ ᠶᠢ ᠤᠯᠠᠮ ᠴᠢᠨᠠᠭᠰᠢᠳᠠ | ᠨᠢᠭᠡᠳᠦᠯᠲᠡᠶ ᠲᠥᠯᠥᠪᠵᠢᠭᠦᠯᠵᠦ ᠂ | ᠣᠷᠣᠭᠤᠯᠤᠯᠲᠠ ᠶᠢᠨ ᠡᠷᠴᠢᠮ ᠢᠶᠡᠨ | ᠲᠠᠰᠤᠷᠠᠯᠲᠠ ᠥᠬᠡᠶ ᠴᠢᠩᠭᠠᠷᠠᠭᠤᠯᠤᠨ ᠂ ᠠᠵᠤ | ᠦᠶᠯᠡᠰ ᠦᠨ ᠬᠥᠭᠵᠢᠯᠲᠡ ᠶᠢᠨ ᠠᠰᠠᠭᠤᠳᠠᠯ ᠢ | ᠦᠨᠡᠨ ᠬᠦ ᠰᠢᠶᠳᠪᠦᠷᠢᠯᠡᠬᠦ ᠬᠡᠷᠡᠭᠲᠡᠶ︔ | ᠪᠡᠯᠡ ᠮᠥᠩᠭᠥ ᠶᠢᠨ ᠢᠷᠡᠯᠳᠡ ᠶᠢ ᠭᠦᠨᠵᠡᠭᠡᠢ | ᠪᠠᠶᠢᠴᠠᠭᠠᠨ ᠰᠤᠳᠤᠯᠵᠤ ᠂ ᠪᠡᠯᠡ ᠮᠥᠩᠭᠥ ᠶᠢᠨ | ᠬᠥᠮᠥᠷᠭᠡ ᠶᠢ ᠥᠷᠭᠡᠳᠬᠡᠵᠦ ᠂ ᠨᠡᠩ ᠤᠯᠠᠨ | ᠪᠡᠯᠡ ᠮᠥᠩᠭᠥ ᠶᠢᠨ ᠣᠷᠣᠭᠤᠯᠤᠯᠲᠠ ᠶᠢ | ᠳᠠᠶᠢᠴᠢᠯᠠᠬᠤ ᠬᠡᠷᠡᠭᠲᠡᠢ ︔ ᠢᠷᠡᠬᠦ ᠵᠢᠯ ᠦᠨ | ᠴᠢᠨᠠᠷ ᠰᠠᠶᠢᠲᠠᠶ ᠬᠥᠭᠵᠢᠯᠲᠡ ᠳᠦ | ᠠᠩᠬᠠᠷᠤᠯ ᠢᠶᠠᠨ ᠲᠥᠪᠯᠡᠷᠡᠭᠦᠯᠵᠦ ᠂ | ᠵᠢᠭᠤᠯᠴᠢᠯᠠᠯ ᠤᠨ ᠦᠵᠡᠮᠵᠢ ᠶᠢᠨ ᠣᠷᠣᠨ | ᠦᠵᠡᠮᠵᠢ ᠶᠢᠨ ᠴᠡᠭ ᠦᠨ ᠲᠥᠷᠥᠯ ᠵᠦᠶᠯ ᠢ | ᠣᠨᠣᠪᠴᠢᠲᠠᠶ ᠢᠯᠭᠠᠨ ᠲᠠᠨᠢᠵᠤ ᠂ ᠤᠷᠢᠳᠴᠢᠯᠠᠨ | ᠰᠠᠶᠢᠲᠤᠷ ᠲᠥᠯᠥᠪᠵᠢᠭᠦᠯᠬᠦ ᠬᠡᠷᠡᠭᠲᠡᠶ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠪᠥᠬᠦ ᠬᠤᠲᠠ ᠶᠢᠨ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠵᠢᠴᠢ ᠥᠪᠥᠷ ᠮᠣᠩᠭᠤᠯ ᠾᠤᠪᠸᠢ ᠯᠢᠶᠣᠤᠨᠢᠩ ᠤᠨ ᠲᠠᠪᠤᠨ | ᠬᠤᠲᠠ ᠶᠢᠨ ᠰᠣᠶᠣᠯ ᠵᠢᠭᠤᠯᠴᠢᠯᠠᠯ ᠤᠨ ᠬᠤᠯᠪᠣᠭ᠎ᠠ ᠪᠠᠶᠢᠭᠤᠯᠤᠭᠳᠠᠬᠤ ᠶᠡᠭᠡ ᠬᠤᠷᠠᠯ 8 ᠰᠠᠷ᠎ᠠ ᠶᠢᠨ 11 ᠤ | ᠡᠳᠦᠷ ᠠᠴᠠ 12 ᠤᠨ ᠡᠳᠦᠷ ᠪᠣᠯᠲᠠᠯ᠎ᠠ ᠶᠠᠪᠤᠭᠳᠠᠨ᠎ᠠ᠃ ᠲᠣᠰ ᠬᠤᠭᠤᠴᠠᠭᠠᠨ ᠤ ᠶᠡᠭᠡ ᠬᠤᠷᠠᠯ ᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠤᠯᠠᠭᠠᠨᠬᠠᠳᠠ ᠬᠤᠲᠠ ᠶᠢᠨ ᠬᠤᠷᠢᠶ᠎ᠠ᠂ ᠤᠯᠠᠭᠠᠨᠬᠠᠳᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠤᠯᠠᠭᠠᠨᠬᠠᠳᠠ ᠬᠤᠲᠠ ᠶᠢᠨ ᠰᠣᠶᠣᠯ ᠪᠠ ᠵᠢᠭᠤᠯᠴᠢᠯᠠᠯ ᠤᠨ | ᠲᠣᠪᠴᠢᠶ᠎ᠠ᠂ ᠬᠠᠷᠠᠴᠢᠨ ᠬᠤᠰᠢᠭᠤ᠂ ᠨᠢᠩᠴᠧᠩ ᠰᠢᠶᠠᠨ᠂ ᠬᠤᠩᠱᠠᠨ ᠲᠣᠭᠤᠷᠢᠭ᠂ ᠰᠦᠩᠱᠠᠨ ᠲᠣᠭᠤᠷᠢᠭ | ᠳᠠᠭᠠᠭᠠᠴᠢᠯᠠᠨ ᠡᠷᠭᠢᠯᠡᠪᠡ᠃ ᠲᠣᠰ ᠤᠳᠠᠭ᠎ᠠ ᠶᠢᠨ ᠶᠡᠭᠡ ᠬᠤᠷᠠᠯ ᠨᠢ ᠪᠥᠬᠦ ᠣᠷᠣᠨ ᠪᠦᠰᠡ ᠶᠢᠨ ᠵᠢᠭᠤᠯᠴᠢᠯᠠᠯ ᠤᠨ | ᠴᠢᠨᠠᠷ ᠰᠠᠶᠢᠲᠠᠶ ᠬᠥᠭᠵᠢᠯᠲᠡ ᠶᠢᠨ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠣᠶᠢᠷ᠎ᠠ ᠲᠡᠭᠦᠷᠭᠡ ᠶᠢᠨ | ᠵᠢᠭᠤᠯᠴᠢᠯᠠᠯ ᠤᠨ ᠠᠮᠢ ᠠᠬᠤᠶ ᠶᠢᠨ ᠰᠡᠯᠡᠭᠦᠴᠡᠯ᠂ ᠡᠷᠡᠭᠦᠯᠵᠢᠯ ᠰᠤᠪᠢᠯᠠᠯᠲᠠ ᠶᠢᠨ ︽ᠴᠠᠭᠠᠷᠢᠭ︾ ᠤᠨ | ᠭᠤᠤᠯᠳᠠᠯᠭ᠎ᠠ ᠲᠠᠢ ᠵᠢᠭᠤᠯᠴᠢᠯᠠᠯ ᠤᠨ ᠲᠥᠷᠥᠯ ᠵᠦᠢᠯ ᠢ ᠭᠤᠤᠯᠳᠠᠯᠭ᠎ᠠ ᠲᠠᠢ ᠲᠣᠭᠤᠷᠢᠨ ᠦᠵᠡᠵᠦ | ᠭᠤᠤᠯᠯᠠᠨ ᠠᠳᠬᠤᠪᠠ᠃ | ᠣᠶᠢᠯᠠᠭᠠᠭᠰᠠᠨ ᠢᠶᠠᠷ᠂ ᠮᠠᠨ ᠤ ᠬᠤᠰᠢᠭᠤᠨ ᠤ ᠠᠩᠬᠠᠳᠤᠭᠠᠷ ᠬᠤᠭᠤᠴᠠᠭᠠᠨ ᠤ ᠬᠠᠷᠠᠴᠢᠨ ᠬᠤᠰᠢᠭᠤᠨ ᠤ ᠣᠢ | ᠰᠢᠭᠤᠶ ᠶᠢᠨ ᠪᠠᠶᠠᠷ 8 ᠰᠠᠷ᠎ᠠ ᠶᠢᠨ 12 ᠤᠨ ᠡᠳᠦᠷ ᠠᠴᠠ 13 ᠤ ᠡᠳᠦᠷ ᠪᠣᠯᠲᠠᠯ᠎ᠠ ᠮᠡᠶᠢᠷᠡᠨ ᠵᠢᠯᠠᠭ᠎ᠠ ᠳᠤ | ᠶᠠᠪᠤᠭᠳᠠᠨ᠎ᠠ᠃ ᠲᠤᠬᠠᠶ ᠶᠢᠨ ᠦᠶ᠎ᠡ ᠳᠤ ᠣᠶ ᠰᠢᠭᠤᠶ ᠶᠢᠨ ᠮᠠᠶᠢᠬᠠᠨ ᠤ ᠨᠠᠶᠢᠷ᠂ ᠣᠶ ᠰᠢᠭᠤᠶ ᠶᠢᠨ ᠠᠮᠲᠠᠲᠤ | ᠢᠳᠡᠭᠡᠨ ᠤ ᠴᠤᠭᠯᠠᠭ᠎ᠠ ᠵᠢᠴᠢ ᠭᠤᠶᠢᠳᠠ ᠰᠠᠶᠢᠬᠠᠨ ᠰᠡᠳᠦᠯᠲᠡ ᠲᠠᠢ ᠬᠠᠯᠢᠨ ᠨᠢᠰᠬᠦ ᠰᠢᠬᠦᠷ ᠤᠨ ᠲᠣᠭᠯᠠᠯᠲᠠ ᠵᠡᠷᠭᠡ | ᠣᠯᠠᠨ ᠵᠦᠢᠯ ᠤᠨ ᠠᠵᠢᠯᠯᠠᠭ᠎ᠠ ᠶᠠᠪᠤᠭᠳᠠᠬᠤ ᠪᠣᠯᠤᠨ᠎ᠠ᠃ | | |