2022 ᠣᠨ ᠳᠤ ᠪᠦᠭᠦ ᠬᠤᠰᠢᠭᠤᠨ ᠤ ᠶᠢᠰᠦᠳᠦᠭᠡᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/8/16
2022 ᠣᠨ ᠳᠤ ᠪᠦᠭᠦ ᠬᠤᠰᠢᠭᠤᠨ ᠤ ᠶᠢᠰᠦᠳᠦᠭᠡᠷ ᠤᠳᠠᠭ᠎ᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ︵ᠥᠷᠭᠡᠳᠬᠡᠭᠰᠡᠨ︶ ᠬᠤᠷᠠᠯ ᠬᠤᠷᠠᠯᠳᠤᠪᠠ    8 ᠰᠠᠷ᠎ᠠ ᠶᠢᠨ 15 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ 2022 ᠣᠨ ᠤ ᠪᠥᠬᠦ ᠬᠤᠰᠢᠭᠤᠨ ᠤ ᠶᠢᠰᠦᠳᠦᠭᠡᠷ ᠤᠳᠠᠭᠠᠨ ᠤ ᠠᠶᠤᠯᠭᠦᠶ ᠦᠢᠯᠡᠳᠪᠦᠷᠢᠯᠡᠯ ᠶᠢᠨ ᠵᠥᠪᠯᠡᠯ ᠤᠨ ︵ᠥᠷᠭᠡᠳᠬᠡᠭᠰᠡᠨ︶ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ᠂ ᠰᠢᠶ᠋ᠸ ᠶᠦᠨ ᠰᠥᠩ᠂ ᠢ ᠰᠢᠤ ᠴᠢᠤᠸᠠᠨ᠂ ᠬᠤᠰᠢᠭᠤᠨ ᠤ ᠠᠶᠤᠯᠭᠦᠶ ᠶᠢᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠬᠠᠷᠢᠭᠤᠴᠠᠯᠭᠠᠲᠠᠨ ᠨᠥᠬᠦᠳ ᠵᠢᠴᠢ ᠬᠡᠰᠡᠭ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠪᠠᠢ ᠯᠢᠩ ᠶᠡᠷᠦᠩᠬᠡᠢ ᠱᠦᠵᠢ ᠰᠢ ᠶᠢᠨ ᠫᠢᠩ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ᠂ ᠶᠡᠷᠦᠩᠬᠡᠢ ᠰᠠᠶᠢᠳ ᠯᠢ ᠺᠧ ᠴᠢᠶᠠᠩ ᠤᠨ ᠴᠢᠬᠤᠯᠠ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠳᠡᠳ᠋ ᠬᠤᠰᠢᠭᠤᠨ ᠳᠠᠷᠤᠭ᠎ᠠ ᠲᠤᠰ ᠲᠤᠰ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠳᠡᠭᠡᠷ᠎ᠡ ᠬᠠᠭᠠᠰ ᠵᠢᠯ ᠤᠨ ᠠᠵᠢᠯ ᠤᠨ ᠪᠠᠶᠢᠳᠠᠯ ᠢᠶᠠᠨ ᠳ᠋ᠦᠩᠨᠡᠬᠦ ᠶᠢᠨ ᠬᠠᠮᠲᠤ ᠲᠠᠷᠠᠭ᠎ᠠ ᠠᠯᠬᠤᠮ ᠤᠨ ᠠᠵᠢᠯ ᠢᠶᠠᠨ ᠪᠦᠬᠦ ᠲᠠᠯ᠎ᠠ ᠪᠠᠷ ᠲᠤᠬᠢᠷᠠᠭᠤᠯᠤᠨ ᠪᠠᠶᠢᠷᠢᠯᠠᠭᠤᠯᠵᠠᠢ᠃    ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠪᠦᠬᠦ ᠬᠤᠰᠢᠭᠤ ᠪᠠᠷ ᠢᠶᠠᠨ ᠲᠠᠷᠢᠬᠢ ᠲᠣᠯᠣᠭᠠᠶ ᠪᠠᠨ ᠰᠡᠷᠭᠡᠭ ᠪᠠᠶᠢᠯᠭᠠᠵᠤ᠂ ᠠᠶᠤᠯᠭᠦᠶ ᠦᠢᠯᠡᠳᠪᠦᠷᠢᠯᠡᠯ ᠤᠨ ᠠᠵᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠨ ᠡᠵᠡᠮᠰᠢᠵᠦ᠂ ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠴᠢᠩᠭ᠎ᠠ ᠨᠠᠷᠢᠨ ᠠᠳᠬᠤᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠪᠣᠯᠤᠨ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠦᠨᠡᠨᠬᠦ ᠪᠠᠲᠤᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠦᠷᠢᠯᠳᠦᠭᠦᠯᠵᠦ ᠥᠭᠬᠦ ᠬᠡᠷᠡᠭᠲᠡᠢ᠃    ᠵᠤᠤ ᠶᠠᠨ ᠬᠤᠩ ᠴᠢᠬᠤᠯᠠᠴᠢᠯᠠᠭᠰᠠᠨ ᠨᠢ᠂ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠴᠢᠩᠭ᠎ᠠ ᠪᠥᠭᠡᠳ ᠪᠣᠳᠠᠲᠠᠢ ᠰᠠᠶᠢᠲᠤᠷ ᠠᠳᠬᠤᠬᠤ ᠬᠡᠷᠡᠭᠲᠡᠢ᠃ ᠬᠤᠲᠠ ᠪᠠᠯᠭᠠᠰᠤ ᠶᠢᠨ ᠰᠢᠲᠠᠮᠠᠬᠠᠶ ᠬᠡᠶ᠂ ᠥᠪᠡᠰᠦᠪᠡᠨ ᠪᠠᠷᠢᠭᠰᠠᠨ ᠭᠡᠷ ᠂ ᠵᠠᠮ ᠬᠠᠷᠢᠯᠴᠠᠭ᠎ᠠ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ᠂ ᠪᠠᠶᠢᠭᠠᠯᠢ ᠶᠢᠨ ᠭᠠᠮᠰᠢᠭ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠠᠵᠢᠯ ᠢ ᠲᠣᠪᠤᠶᠢᠮ᠎ᠠ ᠰᠠᠶᠢᠲᠤᠷ ᠠᠳᠬᠤᠵᠤ᠂ ᠳᠠᠯᠳᠠ ᠬᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠡᠯ᠎ᠡ ᠵᠦᠢᠯ ᠤᠨ ᠠᠶᠤᠯ ᠲᠦᠭᠰᠢᠭᠦᠷᠢ ᠶᠢᠨ ᠳᠠᠯᠳᠠ ᠬᠡᠮ ᠢ ᠴᠠᠭ ᠲᠤᠬᠠᠶ ᠳᠤᠨᠢ ᠠᠷᠢᠯᠭᠠᠬᠤ ᠬᠡᠷᠡᠭᠲᠡᠶ︔ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠪᠠᠶᠢᠴᠠᠭᠠᠯᠲᠠ ᠶᠢ ᠴᠢᠩᠳᠠᠯᠠᠵᠤ᠂ ︽ᠪᠦᠬᠦᠨ ᠢ ᠬᠠᠮᠤᠷᠬᠤ᠂ ᠥᠴᠦᠬᠡᠨ ᠴᠦ ᠠᠭᠤᠴᠢᠯᠠᠬᠤ ᠦᠢᠭᠡᠢ ᠂ ᠬᠠᠤᠯᠢ ᠶᠢ ᠴᠢᠩᠭ᠎ᠠ ᠬᠡᠷᠡᠭᠵᠢᠭᠦᠯᠬᠦ︾ ᠱᠠᠭᠠᠷᠳᠠᠯᠭ᠎ᠠ ᠶᠣᠰᠣᠭᠠᠷ᠂ ᠡᠳᠦᠷ ᠳᠤᠳᠤᠮ ᠤᠨ ᠭᠡᠨᠡᠳᠲᠡ ᠶᠢᠨ ᠪᠠᠶᠢᠴᠠᠭᠠᠯᠲᠠ᠂ ᠬᠠᠮᠲᠤᠷᠠᠨ ᠬᠠᠤᠯᠢ ᠬᠡᠷᠡᠭᠵᠢᠭᠦᠯᠬᠦ ᠡᠷᠴᠢᠮ ᠢ ᠴᠢᠩᠭᠠᠷᠠᠭᠤᠯᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠬᠡᠳᠡᠷᠬᠦ ᠰᠢᠬᠠᠮᠳᠠᠭᠤᠯᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠬᠢᠷᠢ ᠲᠦᠪᠰᠢᠨ ᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠬᠤ ᠲᠥᠰᠦᠪ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠴᠠᠭ ᠲᠤᠬᠠᠶ ᠳᠤᠨᠢ ᠨᠥᠭᠡᠴᠡᠯᠡᠨ᠂ 24 ᠴᠠᠭ ᠤᠨ ︽ᠤᠳᠤᠷᠢᠳᠤᠯᠭ᠎ᠠ ᠡᠭᠡᠯᠵᠢ ᠳᠠᠭᠠᠭᠤᠯᠵᠤ᠂ ᠲᠤᠰᠬᠠᠶ ᠬᠥᠮᠦᠨ ᠵᠢᠵᠢᠭᠦᠷᠯᠡᠨ ᠰᠠᠬᠢᠬᠤ︾ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ᠃   ᠵᠤᠤ ᠶᠠᠨ ᠬᠤᠩ ᠴᠢᠩᠭᠠᠳᠬᠠᠭᠰᠠᠨ ᠨᠢ᠂ ᠤᠯᠤᠰ ᠲᠦᠷᠦ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ︽ᠴᠠᠭ ᠢᠮᠠᠭᠲᠠ ᠰᠡᠷᠡᠮᠵᠢᠯᠡᠬᠦ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ︔ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠰᠠᠯᠠᠭ᠎ᠠ ᠮᠥᠴᠢᠷ ᠤᠨ ᠬᠢᠨᠠᠨ ᠬᠠᠮᠢᠶᠠᠷᠤᠯᠲᠠ ᠶᠢᠨ ᠬᠠᠷᠢᠭᠤᠴᠠᠯᠭ᠎ᠠ ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠳᠠᠷᠤᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠥᠨᠴᠥᠭ ᠪᠤᠯᠤᠩ ᠦᠬᠡᠢ ᠪᠠᠶᠢᠬᠤ᠂ ᠬᠢᠨᠠᠯᠲᠠ ᠬᠠᠮᠢᠶᠠᠷᠤᠯᠲᠠ ᠶᠢᠨ ᠪᠠᠯᠠᠢ ᠭᠠᠵᠠᠷ ᠦᠬᠡᠢ ᠪᠠᠶᠢᠬᠤ ᠶᠢ ᠪᠠᠲᠤᠯᠠᠵᠤ᠂ ᠬᠦᠨᠳᠦ ᠶᠡᠭᠡ ᠣᠨᠴᠠ ᠶᠡᠭᠡ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠢ︔ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠬᠡᠳᠡᠷᠬᠦ ᠰᠢᠬᠠᠮᠳᠠᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠵᠤ᠂ ᠠᠮᠤᠷ ᠲᠦᠪᠰᠢᠨ ᠤ ᠠᠵᠢᠯ ᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ ᠪᠥᠬᠦ ᠬᠤᠰᠢᠭᠤᠨ ᠤ ᠲᠠᠪᠤᠨ ᠲᠠᠯ᠎ᠠ ᠶᠢᠨ ᠦᠨᠳᠦᠰᠦᠨ ᠠᠵᠢᠯᠯᠠᠭ᠎ᠠ᠂ 12345 ᠵᠠᠰᠠᠭ ᠤᠨ ᠶᠠᠪᠤᠳᠠᠯ ᠤᠨ ᠬᠠᠯᠠᠮᠰᠢᠯ ᠤᠲᠠᠰᠤᠨ ᠤ ᠠᠵᠢᠯᠯᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠪᠠᠶᠢᠳᠠᠯ ᠢ ᠬᠠᠮᠠᠭᠠᠯᠠᠬᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ᠂ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ  ᠵᠡᠷᠭᠡ ᠠᠵᠢᠯ ᠳᠤ ᠲᠣᠬᠢᠷᠠᠭᠤᠯᠤᠯᠲᠠ ᠪᠠ ᠪᠠᠶᠢᠷᠢᠯᠠᠭᠤᠯᠤᠯᠲᠠ ᠬᠢᠵᠡᠶ᠃ ᠬᠤᠷᠠᠯ ᠠᠴᠠ ᠪᠠᠰᠠ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ᠂ ᠺᠠᠳ᠋ᠷ ᠤᠨ ᠡᠩᠨᠡᠭᠡᠨ ᠤ ᠠᠵᠢᠯ ᠤᠨ ᠰᠤᠷᠲᠠᠯ ᠢ ᠬᠤᠪᠢᠷᠠᠭᠤᠯᠬᠤ ᠵᠡᠷᠭᠡ ᠠᠵᠢᠯ ᠢ ᠴᠢᠬᠤᠯᠠᠴᠢᠯᠠᠨ ᠪᠠᠶᠢᠷᠢᠯᠠᠭᠤᠯᠪᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号