ᠮᠠᠨ ᠤ ᠬᠤᠰᠢᠭᠤ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ᠂ ᠲᠠᠪᠤᠨ ᠶᠡᠭᠡ ᠰᠠᠭᠤᠷᠢ ᠠᠵᠢᠯᠯᠠᠭ᠎ᠠ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠲᠥᠰᠦᠪᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/23
ᠮᠠᠨ ᠤ ᠬᠤᠰᠢᠭᠤ ᠪᠥᠬᠦ ᠬᠤᠰᠢᠭᠤᠨ ᠤ ᠠᠵᠤ ᠠᠬᠤᠶ ᠶᠢᠨ ᠡᠷᠭᠢᠯᠲᠡ᠂ ᠲᠠᠪᠤᠨ ᠶᠡᠭᠡ ᠰᠠᠭᠤᠷᠢ ᠠᠵᠢᠯᠯᠠᠭ᠎ᠠ ᠵᠢᠴᠢ ᠭᠤᠤᠯᠳᠠᠯᠭ᠎ᠠ ᠲᠠᠢ ᠲᠥᠷᠥᠯ ᠵᠦᠢᠯ ᠢ ᠲᠥᠰᠦᠪᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ    8 ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠰᠢᠭᠤᠨ ᠤ ᠠᠵᠤ ᠠᠬᠤᠶ ᠶᠢᠨ ᠠᠵᠢᠯᠯᠠᠭᠠᠨ᠂ ᠲᠠᠪᠤᠨ ᠰᠠᠭᠤᠷᠢ ᠠᠵᠢᠯᠯᠠᠭ᠎ᠠ ᠵᠢᠴᠢ ᠭᠤᠣᠯᠳᠠᠯᠭ᠎ᠠ ᠲᠠᠢ ᠳᠦᠷᠦᠯ ᠵᠦᠢᠯ ᠢ ᠲᠥᠯᠥᠪᠵᠢᠭᠦᠯᠬᠦ ᠠᠵᠢᠯ ᠢ ᠲᠣᠬᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠳᠡᠳ᠋ ᠬᠤᠰᠢᠭᠤᠨ ᠳᠠᠷᠤᠭ᠎ᠠ ᠪᠢᠴᠢᠭᠲᠦ ᠂ ᠸᠠᠩ ᠯᠢ ᠭᠦᠸᠧ᠂ ᠢ ᠰᠢᠤ ᠴᠢᠤᠸᠠᠨ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠠᠴᠠ ᠪᠥᠬᠦ ᠬᠤᠰᠢᠭᠤᠨ ᠤ 8 ᠳ᠋ᠤᠭᠠᠷ ᠰᠠᠷ᠎ᠠ ᠵᠢᠴᠢ ᠭᠤᠷᠪᠠᠳᠤᠭᠠᠷ ᠤᠯᠠᠷᠢᠯ ᠤᠨ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ᠂ 2023 ᠣᠨ ᠤ ᠭᠤᠤᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠶᠢᠨ ᠪᠠᠶᠢᠳᠠᠯ᠂ ᠲᠠᠪᠤᠨ ᠲᠠᠯ᠎ᠠ ᠶᠢᠨ ᠦᠨᠳᠦᠰᠦᠨ ᠠᠵᠢᠯᠯᠠᠭ᠎ᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠬᠠᠮᠢᠶ᠎ᠠ ᠪᠥᠬᠦᠶ ᠠᠵᠢᠯ ᠢ ᠳᠠᠬᠢᠨ ᠴᠢᠬᠤᠯᠠᠴᠢᠯᠠᠵᠤ᠂ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠪᠥᠬᠦ ᠬᠤᠰᠢᠭᠤᠨ ᠤ ᠳᠡᠭᠡᠳᠦ ᠳᠣᠤᠷᠠᠳᠤ ᠱᠠᠲᠤᠨ ᠤ ᠬᠢᠨ ᠬᠥᠭᠵᠢᠯᠲᠡ ᠶᠢᠨ ᠣᠳᠣᠬᠢ ᠪᠠᠶᠢᠳᠠᠯ ᠢ ᠤᠯᠠᠮ ᠨᠢᠭᠡ ᠠᠯᠬᠤᠮ ᠲᠣᠳᠣᠷᠬᠠᠶ ᠲᠠᠨᠢᠵᠤ᠂ ᠠᠰᠠᠭᠤᠳᠠᠯ ᠪᠠ ᠥᠷᠢᠰᠥᠯᠳᠦᠭᠡᠨ ᠢ ᠰᠡᠷᠭᠡᠭ ᠢᠶᠠᠷ ᠲᠠᠨᠢᠵᠤ᠂ ᠭᠤᠷᠪᠠᠳᠤᠭᠠᠷ ᠤᠯᠠᠷᠢᠯ ᠳᠤ ᠡᠷᠡᠯᠬᠡᠭᠯᠡᠨ ᠲᠡᠮᠡᠴᠡᠵᠦ᠂ ᠳᠣᠤᠷ᠎ᠠ ᠬᠠᠭᠠᠰ ᠵᠢᠯ ᠳᠤ ᠰᠢᠢᠳᠪᠦᠷᠢᠲᠦ ᠪᠠᠶᠢᠯᠳᠤᠭᠠᠨ ᠬᠢᠵᠦ᠂ ᠪᠥᠬᠦ ᠵᠢᠯ ᠤᠨ ᠡᠯ᠎ᠡ ᠤᠨ ᠬᠠᠷᠠᠯᠲᠠ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ᠃ ᠭᠦᠢᠴᠡᠳᠬᠡᠬᠦ ᠲᠤᠭ᠎ᠠ ᠶᠢ ᠤᠨᠢᠨ ᠳᠡᠭᠡᠷ᠎ᠡ ᠨᠢ ᠳᠤᠬᠢᠷᠠᠭᠤᠯᠬᠤ ᠶᠢ ᠴᠢᠩᠭ᠎ᠠ ᠠᠩᠬᠠᠷᠴᠤ᠂ ᠲᠤᠭ᠎ᠠ ᠪᠦᠷᠢᠳᠬᠡᠯ ᠤᠨ ᠠᠵᠤ ᠠᠬᠤᠢ ᠶᠢᠨ ᠬᠥᠭᠵᠢᠯᠲᠡ ᠳᠤ ᠦᠢᠯᠡᠴᠢᠯᠡᠬᠦ ᠴᠢᠳᠠᠪᠤᠷᠢ ᠪᠣᠯᠤᠨ ᠲᠦᠪᠰᠢᠨ ᠢ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ︔ ᠵᠠᠩᠭᠢᠯᠠᠭ᠎ᠠ ᠶᠢᠨ ᠴᠡᠭ ᠤᠨ ᠪᠠᠶᠢᠩᠭᠤ ᠶᠢᠨ ᠲᠤᠬᠢᠷᠠᠭᠤᠯᠤᠯᠳᠠ ᠶᠢ ᠨᠠᠷᠢᠯᠢᠬᠵᠢᠭᠤᠯᠵᠤ᠂ ᠵᠣᠬᠢᠴᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠭᠠᠷᠠᠭ ᠢᠶᠠᠷ ᠰᠠᠷ᠎ᠠ ᠶᠢ ᠪᠠᠲᠤᠯᠠᠬᠤ᠂ ᠰᠠᠷ᠎ᠠ ᠪᠠᠷ ᠤᠯᠠᠷᠢᠯ ᠢ ᠪᠠᠲᠤᠯᠠᠬᠤ᠂ ᠤᠯᠠᠷᠢᠯ ᠢᠶᠠᠷ ᠵᠢᠯ ᠢ ᠪᠠᠲᠤᠯᠠᠬᠤ ᠶᠢ ᠪᠡᠶᠡᠯᠡᠭᠦᠯᠬᠦ ᠬᠡᠷᠡᠭᠲᠡᠢ︔ ᠪᠦᠲᠦᠮᠵᠢᠲᠡᠶ ᠪᠠᠯᠠ ᠣᠷᠣᠭᠤᠯᠤᠯᠲᠠ ᠶᠢ ᠤᠯᠠᠮ ᠨᠢᠭᠡ ᠠᠯᠬᠤᠮ ᠥᠷᠭᠡᠳᠬᠡᠵᠦ᠂ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠭᠤᠷᠪᠠᠳᠤᠭᠠᠷ ᠤᠯᠠᠷᠢᠯ ᠳᠤ ᠨᠠᠩ ᠣᠯᠠᠨ ᠪᠣᠳᠠᠲᠤ ᠶᠠᠭᠤᠮ᠎ᠠ ᠶᠢᠨ ᠠᠵᠢᠯ ᠤᠨ ᠬᠡᠮᠵᠢᠶ᠎ᠡ ᠶᠢ ᠪᠣᠶ ᠪᠣᠯᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃    ᠵᠤᠤ ᠶᠠᠨ ᠬᠤᠩ  ᠱᠠᠭᠠᠷᠳᠠᠭᠰᠠᠨ ᠨᠢ᠂ 2023 ᠣᠨ ᠤ ᠭᠤᠣᠯᠳᠠᠯᠭ᠎ᠠ ᠲᠠᠢ ᠲᠦᠷᠦᠯ ᠵᠦᠢᠯ ᠢ ᠲᠥᠯᠥᠪᠵᠢᠭᠦᠯᠬᠦ ᠠᠵᠢᠯ ᠳᠤ᠂ ᠪᠦᠬᠦ ᠬᠤᠰᠢᠭᠤ ᠳᠠᠶᠠᠭᠠᠷ ᠢᠶᠠᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠴᠢᠬᠤᠯᠠ ᠶᠡᠭᠡ ᠲᠦᠷᠦᠯ ᠵᠦᠢᠯ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠨᠡᠩ ᠤᠯᠠᠨ ᠪᠡᠯᠡ ᠮᠥᠩᠭᠦ ᠲᠦᠷᠦ ᠶᠢᠨ ᠪᠤᠳᠤᠯᠭ᠎ᠠ ᠶᠢᠨ ᠳᠡᠮᠵᠢᠯᠭᠡ ᠤᠯᠬᠤ ᠪᠠᠷ ᠴᠢᠷᠮᠠᠶᠢᠵᠤ᠂ ᠦᠷ᠎ᠡ ᠪᠦᠲᠦᠭᠡᠯ ᠭᠠᠷᠭᠠᠵᠤ᠂ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ︔ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠴᠢᠯᠥᠭᠡᠯᠡᠵᠦ᠂ ᠢᠳᠡᠪᠬᠢᠲᠡᠢ ᠪᠥᠭᠡᠳ ᠰᠠᠨᠠᠭᠠᠴᠢᠯᠠᠭ᠎ᠠ ᠲᠠᠢ ᠪᠠᠷ ᠳᠠᠭᠠᠷᠢᠯᠲᠠ ᠬᠢᠵᠦ᠂ ᠠᠷᠠᠯᠵᠢᠶᠠᠴᠢᠨ ᠤᠷᠢᠬᠤ ᠰᠡᠳᠬᠢᠴᠡ ᠪᠠᠨ ᠥᠷᠭᠡᠳᠬᠡᠵᠦ᠂ ᠪᠦᠬᠦ ᠬᠦᠴᠦᠨ ᠢᠶᠠᠷ ᠢᠶᠠᠨ ᠳᠤᠲᠠᠭᠤᠳᠠᠯ ᠢᠶᠠᠨ ᠨᠥᠬᠦᠪᠥᠷᠢᠯᠡᠵᠦ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠲᠥᠷᠥᠯ ᠵᠦᠢᠯ ᠢ ᠰᠦᠪᠡᠭᠴᠢᠯᠡᠬᠦ ᠶᠠᠰᠤ ᠴᠢᠨᠠᠷ ᠪᠠ ᠬᠢᠷᠢ ᠲᠦᠪᠰᠢᠨ ᠢᠶᠠᠨ ᠦᠨᠡᠨ ᠬᠦ ᠳᠡᠭᠡᠭᠰᠢᠯᠡᠭᠦᠯᠬᠦ ᠬᠡᠷᠡᠭᠲᠡᠢ︔ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠵᠤ᠂ ᠲᠥᠷᠥᠯ ᠵᠦᠢᠯ ᠤᠨ ᠡᠯ᠎ᠡ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠢ ᠲᠦᠷᠭᠡᠳᠬᠡᠵᠦ ᠂ ᠲᠥᠷᠥᠯ ᠵᠦᠢᠯ ᠢ ᠳᠠᠷᠤᠶ ᠲᠦᠷᠭᠡᠨ ᠨᠠᠶᠢᠳᠠᠪᠤᠷᠢᠵᠢᠭᠤᠯᠤᠨ ᠪᠥᠲᠥᠭᠡᠨ ᠪᠠᠶᠢᠭᠤᠯᠬᠤ ᠶᠢ ᠠᠬᠢᠭᠤᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠬᠦᠴᠦᠷᠬᠡᠭ ᠶᠡᠭᠡ ᠲᠤᠯᠭᠠᠭᠤᠷᠢᠯᠠᠯ ᠬᠠᠩᠭᠠᠬᠤ ᠬᠡᠷᠡᠭᠲᠡᠶ᠃    ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ 5 ᠲᠠᠯ᠎ᠠ ᠶᠢᠨ ᠦᠨᠳᠦᠰᠦᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠡᠷᠡᠭᠵᠢᠭᠦᠯᠬᠦ ᠲᠥᠰᠦᠯ ᠢ ᠴᠢᠩᠭ᠎ᠠ ᠵᠢᠷᠤᠮᠯᠠᠨ᠂ ᠪᠥᠬᠦ ᠬᠤᠰᠢᠭᠤᠨ ᠤ ᠵᠥᠪᠰᠢᠶᠡᠷᠡᠬᠦ ᠪᠠᠷ ᠪᠠᠶᠢᠭ᠎ᠠ ᠲᠥᠷᠥᠯ ᠵᠦᠶ᠋ᠯ᠂ ᠰᠤᠯᠠ ᠪᠠᠶᠢᠭ᠎ᠠ ᠭᠠᠵᠠᠷ ᠰᠢᠷᠣᠶ᠂ ᠳᠠᠷᠤᠭᠳᠠᠮᠠᠯ ᠪᠠᠯᠠ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ 5 ᠲᠠᠯ᠎ᠠ ᠶᠢ ᠡᠮᠬᠢᠯᠡᠨ ᠳᠢᠭᠯᠡᠵᠦ ᠪᠠᠶᠢᠳᠠᠯ ᠢ ᠣᠶᠢᠯᠠᠭᠠᠵᠤ᠂ ᠰᠢᠶ᠋ᠳᠪᠦᠷᠢᠯᠡᠬᠦ ᠰᠠᠨᠠᠯ ᠢ ᠲᠥᠷᠥᠯ ᠬᠤᠪᠢᠶᠠᠨ ᠳᠤᠷᠠᠳᠴᠤ᠂ ᠠᠵᠢᠯ ᠤᠨ ᠡᠬᠡ ᠲᠠᠩᠰᠠ ᠪᠠᠶᠢᠭᠤᠯᠤᠨ᠂ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠵᠤ᠂ ᠲᠥᠷᠥᠯ ᠵᠦᠶ᠋ᠯ ᠤᠨ ᠬᠢᠨᠠᠨ ᠵᠥᠪᠰᠢᠶᠡᠷᠡᠯ ᠢ ᠲᠦᠷᠭᠡᠳᠬᠡᠨ ᠠᠬᠢᠭᠤᠯᠵᠤ᠂ ᠣᠲᠣ ᠶᠢᠨ ᠪᠠᠶᠢᠭ᠎ᠠ ᠰᠤᠯᠠ ᠪᠠᠶᠢᠭ᠎ᠠ ᠦᠷ᠎ᠡ ᠠᠰᠢᠭ ᠢᠶᠠᠷ ᠳᠣᠤᠷ᠎ᠠ ᠭᠠᠵᠠᠷ ᠰᠢᠷᠣᠶ ᠶᠢ ᠠᠮᠢᠳᠤᠯᠢᠭᠵᠢᠭᠤᠯᠤᠨ᠂ ᠣᠯᠠᠨ ᠨᠡᠶᠢᠲᠡ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ︽ᠬᠠᠭᠠᠰ ᠳᠤᠲᠠᠭᠤ︾ ᠢᠨᠵᠧᠨᠧᠷᠢᠩ ᠢ ᠲᠣᠬᠢᠲᠠᠶ ᠰᠢᠶ᠋ᠳᠪᠦᠷᠢᠯᠡᠵᠦ᠂ ᠨᠡᠭᠡᠭᠡᠯᠲᠡ ᠶᠢᠨ ᠲᠣᠭᠤᠷᠢᠭ ᠤᠨ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠂ ︽ᠲᠠᠪᠤᠨ ᠦᠨᠳᠦᠰᠦᠨ ᠵᠦᠶ᠋ᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢᠨ ᠢᠳᠡᠪᠬᠢᠲᠡᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃    ᠵᠣᠣ ᠶᠠᠨ ᠬᠤᠩ ᠱᠠᠭᠠᠷᠳᠠᠭᠰᠠᠨ ᠨᠢ᠂ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ᠂ ᠡᠯ᠎ᠡ ᠰᠠᠯᠠᠭ᠎ᠠ ᠮᠥᠴᠢᠷ ᠤᠨ ᠬᠢᠨ 5 ᠲᠠᠯ᠎ᠠ ᠶᠢᠨ ᠦᠨᠳᠦᠰᠦᠨ ᠠᠵᠢᠯᠯᠠᠭ᠎ᠠ ᠶᠢ ᠭᠦᠨᠵᠡᠭᠡᠶ ᠥᠷᠨᠢᠭᠦᠯᠬᠦ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠡᠷᠡᠭᠵᠢᠭᠦᠯᠬᠦ ᠲᠥᠰᠦᠯ ᠢ ᠴᠢᠩᠭ᠎ᠠ ᠵᠢᠷᠤᠮᠯᠠᠨ᠂ ᠪᠥᠬᠦ ᠬᠤᠰᠢᠭᠤᠨ ᠤ ᠵᠥᠪᠰᠢᠶᠡᠷᠡᠬᠦ ᠪᠠᠷ ᠪᠠᠶᠢᠭ᠎ᠠ ᠲᠥᠷᠥᠯ ᠵᠦᠶ᠋ᠯ᠂ ᠰᠤᠯᠠ ᠪᠠᠶᠢᠭ᠎ᠠ ᠭᠠᠵᠠᠷ ᠰᠢᠷᠣᠶ᠂ ᠳᠠᠷᠤᠭᠳᠠᠮᠠᠯ ᠪᠠᠯᠠ ᠮᠥᠩᠭᠦ᠂ ︽ᠬᠠᠭᠠᠰ ᠳᠤᠲᠠᠭᠤ︾ ᠢᠨᠵᠧᠨᠧᠷᠢᠩ᠂ ᠨᠡᠭᠡᠭᠡᠯᠲᠡ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠵᠡᠷᠭᠡ 5 ᠲᠠᠯ᠎ᠠ ᠶᠢ ᠡᠮᠬᠢᠯᠡᠨ ᠳᠢᠭᠯᠡᠵᠦ ᠪᠠᠶᠢᠳᠠᠯ ᠢ ᠣᠶᠢᠯᠠᠭᠠᠵᠤ᠂ ᠰᠢᠢᠳᠪᠦᠷᠢᠯᠡᠬᠦ ᠰᠠᠨᠠᠯ ᠢ ᠲᠥᠷᠥᠯ ᠬᠤᠪᠢᠶᠠᠨ ᠳᠤᠷᠠᠳᠴᠤ᠂ ᠠᠵᠢᠯ ᠤᠨ ᠡᠬᠡ ᠲᠠᠩᠰᠠ ᠪᠠᠶᠢᠭᠤᠯᠤᠨ᠂ ᠬᠠᠷᠠᠯᠲᠠ ᠶᠢᠨ ᠡᠭᠦᠷᠭᠡ ᠪᠠᠨ ᠲᠣᠳᠣᠷᠬᠠᠶᠢᠯᠠᠵᠤ᠂ ᠲᠥᠷᠥᠯ ᠵᠦᠢᠯ ᠤᠨ ᠬᠢᠨᠠᠨ ᠵᠥᠪᠰᠢᠶᠡᠷᠡᠯ ᠢ ᠲᠦᠷᠭᠡᠳᠬᠡᠨ ᠠᠬᠢᠭᠤᠯᠵᠤ᠂ ᠣᠲᠣ ᠶᠢᠨ ᠪᠠᠶᠢᠭ᠎ᠠ ᠰᠤᠯᠠ ᠪᠠᠶᠢᠭ᠎ᠠ ᠦᠷ᠎ᠡ ᠠᠰᠢᠭ ᠢᠶᠠᠷ ᠳᠣᠤᠷ᠎ᠠ ᠭᠠᠵᠠᠷ ᠰᠢᠷᠣᠶ ᠶᠢ ᠠᠮᠢᠳᠤᠯᠢᠭᠵᠢᠭᠤᠯᠤᠨ᠂ ᠣᠯᠠᠨ ᠨᠡᠶᠢᠲᠡ ᠶᠢᠨ ᠪᠠᠯᠠ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠶᠢ ᠵᠢᠷᠤᠮᠵᠢᠭᠤᠯᠵᠤ᠂ ︽ᠬᠠᠭᠠᠰ ᠳᠤᠲᠠᠭᠤ︾ ᠢᠨᠵᠧᠨᠧᠷᠢᠩ ᠢ ᠲᠣᠬᠢᠲᠠᠶ ᠰᠢᠢᠳᠪᠦᠷᠢᠯᠡᠵᠦ ᠂ ᠨᠡᠭᠡᠭᠡᠯᠲᠡ ᠶᠢᠨ ᠲᠣᠭᠤᠷᠢᠭ ᠤᠨ ᠡᠬᠢ ᠪᠠᠶᠠᠯᠢᠭ ᠢ ᠠᠷᠪᠢᠲᠠᠶ ᠡᠷᠴᠢᠮᠯᠢᠭ ᠥᠨᠳᠥᠷ ᠦᠷ᠎ᠡ ᠪᠦᠲᠦᠮᠵᠢᠲᠡᠶ ᠪᠠᠷ ᠠᠰᠢᠭᠯᠠᠬᠤ ᠶᠢ ᠠᠬᠢᠭᠤᠯᠤᠨ᠂ ︽ᠲᠠᠪᠤᠨ ᠦᠨᠳᠦᠰᠦᠨ ᠵᠦᠢᠯ ᠢ ᠶᠡᠭᠡ ᠪᠠᠷ ᠡᠬᠢᠯᠡᠭᠦᠯᠬᠦ︾ ᠠᠵᠢᠯᠯᠠᠭ᠎ᠠ ᠶᠢᠨ ᠢᠳᠡᠪᠬᠢᠲᠡᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号