ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ ᠶᠢᠨ ᠬᠢᠨᠠᠨ ᠰᠢᠯᠭᠠᠬᠤ ᠳᠤᠭᠤᠶᠢᠯᠠᠩ ᠮᠠᠨ ᠤ ᠬᠣᠰᠢᠭᠤᠨ ᠳᠤ ᠢᠷᠡᠵᠦ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠤᠨ ᠬᠢᠨᠠᠨ ᠰᠢᠯᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/8/24
ᠥᠪᠡᠷᠲᠡᠭᠡᠨ ᠵᠠᠰᠠᠬᠤ ᠣᠷᠣᠨ ᠤ ᠨᠠᠮ ᠤᠨ ᠬᠣᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ ᠶᠢᠨ ᠬᠢᠨᠠᠨ ᠰᠢᠯᠭᠠᠬᠤ ᠳᠤᠭᠤᠶᠢᠯᠠᠩ ᠮᠠᠨ ᠤ ᠬᠣᠰᠢᠭᠤᠨ ᠳᠤ ᠢᠷᠡᠵᠦ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠤᠨ ᠬᠢᠨᠠᠨ ᠰᠢᠯᠭᠠᠯᠲᠠ ᠥᠷᠨᠢᠭᠦᠯᠪᠡ    8 ᠰᠠᠷ᠎ᠠ ᠶᠢᠨ 23 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ ᠶᠢᠨ ᠬᠢᠨᠠᠨ ᠰᠢᠯᠭᠠᠬᠤ ᠳᠤᠭᠤᠶᠢᠯᠠᠩ ᠮᠠᠨ ᠤ ᠬᠤᠰᠢᠭᠤᠨ ᠳᠤ ᠢᠷᠡᠵᠦ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷ ᠤᠨ ᠠᠵᠢᠯ ᠤᠨ ᠡᠩ ᠤᠨ ᠦᠶ᠎ᠡ ᠶᠢᠨ ᠬᠢᠨᠠᠨ ᠰᠢᠯᠭᠠᠯᠲᠠ ᠶᠢ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠣ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠶᠠᠩ ᠸᠧᠨᠳ᠋ᠦᠩ᠂ ᠬᠤᠲᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠬᠠᠮᠠᠳ ᠺᠠᠳ᠋ᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃     ᠬᠢᠨᠠᠨ ᠰᠢᠯᠭᠠᠬᠤ ᠳᠤᠭᠤᠶᠢᠯᠠᠩ ᠤᠨ ᠬᠢᠨ ᠤᠷᠢᠳ ᠬᠤᠵᠢᠳ ᠾᠧᠨᠠᠨ ᠤ ᠵᠡᠭᠡᠯᠢ ᠭᠤᠳᠤᠮᠵᠢ ᠶᠢᠨ ᠮᠠ ᠠᠨ ᠱᠠᠨ ᠲᠣᠰᠬᠤᠨ᠂ ᠸᠠᠩ ᠶᠧ ᠹᠦ᠋ ᠪᠠᠯᠭᠠᠰᠤᠨ ᠤ ᠸᠠᠩ ᠶᠧ ᠹᠦ᠋ ᠲᠣᠰᠬᠤᠨ᠂ ᠬᠤᠰᠢᠭᠤᠨ ᠤ ᠠᠬᠠᠮᠠᠳ ᠺᠠᠳ᠋ᠷᠴᠤᠳ ᠤᠨ ᠬᠥᠳᠡᠯᠭᠡᠭᠡᠨ ᠤ ᠲᠥᠪ ᠲᠤ ᠬᠦᠷᠴᠦ ᠰᠢᠨᠵᠢᠯᠡᠨ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠲᠠᠨᠢᠯᠴᠠᠭᠤᠯᠭ᠎ᠠ ᠰᠣᠨᠣᠰᠬᠤ᠂ ᠨᠢᠭᠤᠷᠳᠠᠨ ᠶᠠᠷᠢᠯᠴᠠᠵᠤ ᠰᠣᠯᠢᠯᠴᠠᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠠᠨ ᠤ ᠬᠤᠰᠢᠭᠤᠨ ᠤ ᠠᠵᠢᠯ ᠠᠴᠠ ᠪᠠᠨ ᠳᠠᠷᠬᠠᠯᠠᠭᠳᠠᠭᠰᠠᠨ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠠᠵᠢᠯ ᠤᠨ ᠡᠩ ᠤᠨ ᠦᠶ᠎ᠡ ᠶᠢᠨ ᠬᠢᠨᠠᠨ ᠰᠢᠯᠭᠠᠯᠲᠠ ᠶᠢ ᠶᠠᠪᠤᠭᠳᠠᠭᠤᠯᠪᠠ᠃    ᠬᠢᠨᠠᠨ ᠰᠢᠯᠭᠠᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠬᠠᠮᠠᠳ ᠺᠠᠳ᠋ᠷᠴᠤᠳ ᠤᠨ ᠠᠵᠢᠯ ᠢ ᠲᠤᠬᠠᠶ ᠶᠢᠨ ᠭᠠᠵᠠᠷ ᠤᠨ ᠢᠶᠠᠨ ᠨᠢᠭᠡᠨ ᠤᠯᠠᠮᠵᠢᠯᠠᠯ ᠪᠣᠯᠭᠠᠵᠤ᠂ ᠠᠬᠠᠮᠠᠳ ᠺᠠᠳ᠋ᠷᠴᠤᠳ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠡᠳᠦᠷ ᠲᠤᠲᠤᠮ ᠤᠨ ᠠᠮᠢᠳᠤᠷᠠᠯ ᠢ ᠬᠠᠯᠠᠮᠵᠢᠯᠠᠨ ᠬᠠᠶᠢᠷᠠᠯᠠᠵᠤ᠂ ᠠᠬᠠᠮᠠᠳ ᠺᠠᠳ᠋ᠷᠴᠤᠳ ᠤᠨ ᠡᠯ᠎ᠡ ᠵᠦᠢᠯ ᠤᠨ ᠠᠵᠢᠯᠯᠠᠭ᠎ᠠ ᠳᠤ ᠪᠡᠶ᠎ᠡ ᠪᠠᠷ ᠢᠶᠠᠨ ᠣᠷᠣᠯᠴᠠᠵᠤ᠂ ᠬᠤᠰᠢᠭᠤᠨ ᠨᠠᠮ ᠤᠨ ᠬᠤᠷᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠶ ᠳᠤᠨᠢ ᠤᠯᠠᠮᠵᠢᠯᠠᠨ᠎ᠠ᠃ ᠪᠣᠳᠠᠲᠠᠶ ᠠᠵᠢᠯ ᠤᠨ ᠳᠤᠮᠳᠠ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠠᠵᠢᠯ ᠤᠨ ᠲᠤᠬᠠᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ ᠪᠠ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢᠨ ᠲᠠᠯ᠎ᠠ ᠪᠠᠷ ᠴᠥᠮ ᠶᠡᠭᠡ ᠬᠡᠮᠵᠢᠶᠡᠨ ᠤ ᠠᠵᠢᠯ ᠬᠢᠵᠦ᠂ ᠤᠯᠤᠰ ᠲᠦᠷᠦ ᠶᠢᠨ ᠬᠠᠷᠠᠭᠠᠯᠵᠠᠯ᠂ ᠠᠮᠢᠳᠤᠷᠠᠯ ᠤᠨ ᠬᠠᠷᠠᠭᠠᠯᠵᠠᠯ ᠵᠡᠷᠭᠡ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠬᠢᠵᠦ᠂ ᠠᠵᠢᠯ ᠠᠴᠠ ᠪᠠᠨ ᠳᠠᠷᠬᠠᠯᠠᠭᠳᠠᠭᠰᠠᠨ ᠪᠠ ᠠᠵᠢᠯ ᠠᠴᠠ ᠪᠠᠨ ᠠᠮᠠᠷᠠᠭᠰᠠᠨ ᠺᠠᠳ᠋ᠷᠴᠤᠳ ᠤᠨ ᠨᠠᠮᠴᠢ ᠴᠢᠨᠠᠷ ᠢᠶᠠᠷ ᠴᠢᠩᠭ᠎ᠠ᠂ ᠲᠤᠰᠬᠠᠶ ᠮᠡᠷᠭᠡᠵᠢᠯ ᠳᠡᠭᠡᠨ ᠴᠠᠭᠠᠷᠠᠭᠰᠠᠨ᠂ ᠨᠤᠲᠤᠭ ᠤᠰᠤ ᠪᠠᠨ ᠬᠠᠶᠢᠷᠠᠯᠠᠵᠤ᠂ ᠪᠦᠬᠦ ᠰᠡᠳᠬᠢᠯ ᠢᠶᠠᠷ ᠢᠶᠠᠨ ᠬᠤᠪᠢ ᠨᠡᠮᠡᠷᠢ ᠦᠵᠡᠭᠦᠯᠵᠦ᠂ ᠤᠯᠠᠮᠵᠢᠯᠠᠬᠤ ᠬᠠᠪᠰᠤᠷᠬᠤ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠨᠤᠲᠤᠭ ᠤᠰᠤᠨ ᠤ ᠪᠠᠨ ᠪᠦᠲᠦᠭᠡᠨ ᠪᠠᠶᠢᠭᠤᠯᠤᠯᠲᠠ ᠶᠢᠨ ᠲᠥᠯᠥᠭᠡ ᠴᠥᠬᠦᠷᠡᠰᠢ ᠦᠭᠡᠢ ᠲᠡᠮᠡᠴᠡᠭᠰᠡᠨ ᠳᠤ ᠪᠢᠳᠡ ᠲᠦᠢᠯ ᠢᠶᠠᠷ ᠰᠡᠳᠬᠢᠯ ᠬᠠᠨᠤᠮᠵᠢᠲᠠᠶ ᠪᠠᠶᠢᠨ᠎ᠠ᠃ ᠡᠭᠦᠨ ᠤ ᠬᠠᠮᠲᠤ᠂ ᠪᠠᠷᠢᠮᠵᠢᠶ᠎ᠠ ᠲᠠᠢ ᠬᠠᠷᠭᠤᠭᠤᠯᠵᠤ᠂ ᠡᠯ᠎ᠡ ᠵᠦᠢᠯ ᠤᠨ ᠠᠵᠢᠯ ᠢᠶᠠᠨ ᠰᠢᠨ᠎ᠡ ᠶᠢ ᠡᠭᠦᠳᠦᠨ ᠥᠷᠨᠢᠭᠦᠯᠵᠦ᠂ ᠳᠤᠲᠠᠭᠤᠳᠠᠯ ᠢᠶᠠᠨ ᠨᠥᠬᠦᠪᠥᠷᠢᠯᠡᠬᠦ ᠡᠷᠴᠢᠮ ᠢᠶᠠᠨ ᠴᠢᠩᠭᠠᠷᠠᠭᠤᠯᠵᠤ᠂ ᠵᠢᠯ ᠤᠨ ᠡᠴᠦᠰ ᠲᠤ ᠰᠠᠶᠢᠨ ᠬᠢᠷᠢ ᠪᠦᠲᠦᠮᠵᠢ ᠤᠯᠬᠤ ᠪᠠᠷ ᠴᠢᠷᠮᠠᠶᠢᠬᠤ ᠬᠡᠷᠡᠭᠲᠡᠶ ᠭᠡᠵᠠᠢ ᠃    ᠹᠠᠩ ᠷᠦᠢ ᠢᠯᠡᠷᠬᠡᠢᠯᠡᠭᠰᠡᠨ ᠨᠢ ᠂ ᠬᠠᠷᠠᠴᠢᠨ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠥᠩᠭᠡᠷᠡᠭᠰᠡᠨ ᠲᠠᠢ ᠪᠠᠨ ᠠᠳᠠᠯᠢ ᠪᠠᠷ ᠠᠬᠠᠮᠠᠳ ᠺᠠᠳ᠋ᠷᠴᠤᠳ ᠲᠤ ᠦᠢᠯᠡᠴᠢᠯᠡᠵᠦ ᠂ ᠠᠬᠠᠮᠠᠳ ᠺᠠᠳ᠋ᠷᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠤᠨ ᠬᠡᠷᠡᠭᠴᠡᠭᠡ ᠶᠢ ᠪᠠᠶᠠᠯᠢᠭᠵᠢᠭᠤᠯᠵᠤ᠂ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ︽ᠭᠤᠷᠪᠠᠨ ᠵᠦᠢᠯ ᠤᠨ ᠪᠥᠲᠥᠭᠡᠨ ᠪᠠᠶᠢᠭᠤᠯᠤᠯᠲᠠ︾ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠬᠠᠷᠠᠭᠠᠯᠵᠠᠯ ᠤᠨ ᠪᠠᠲᠤᠯᠠᠭ᠎ᠠ ᠶᠢ ᠴᠢᠩᠭᠠᠳᠬᠠᠵᠤ᠂ ᠨᠠᠷᠢᠯᠢᠭ ᠤᠨᠤᠪᠴᠢᠲᠠᠢ ᠦᠢᠯᠡᠴᠢᠯᠡᠬᠦ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠢᠯᠡᠳᠦᠯ ᠢᠶᠠᠨ ᠪᠠᠳᠠᠷᠠᠭᠤᠯᠬᠤ ᠶᠢ ᠴᠢᠩᠭᠠᠳᠬᠠᠵᠤ᠂ ᠢᠳᠡᠪᠬᠢ ᠬᠦᠴᠦᠨ ᠤ ᠠᠵᠢᠯᠯᠠᠭᠠᠨ ᠤ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠵᠢᠭᠰᠠᠭᠠᠯ ᠤᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠨᠠᠰᠤᠵᠢᠯ ᠤᠨ ᠠᠰᠠᠷᠠᠮᠵᠢ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶᠠᠨ ᠤ ᠠᠬᠠᠮᠠᠳ ᠺᠠᠳ᠋ᠷᠴᠤᠳ ᠤᠨ ᠲᠣᠪᠴᠢᠶ᠎ᠠ ᠶᠢᠨ ᠵᠥᠪ ᠵᠢᠯᠣᠭᠤᠳᠣᠯᠭ᠎ᠠ ᠳᠤᠤᠷ᠎ᠠ᠂ ︽ᠤᠯᠤᠰ ᠲᠥᠷᠥ ᠶᠢ ᠡᠷᠬᠢᠮᠯᠡᠬᠦ᠂ ᠶᠣᠰᠣ ᠲᠦᠷᠢᠮ ᠢ ᠴᠢᠬᠤᠯᠠᠴᠢᠯᠠᠬᠤ᠂ ᠰᠠᠬᠢᠯᠭ᠎ᠠ ᠪᠠᠲᠤ ᠶᠢ ᠰᠠᠬᠢᠬᠤ︾ ᠪᠣᠳᠠᠲᠤ ᠠᠵᠢᠯᠯᠠᠭ᠎ᠠ ᠪᠠᠷ ᠢᠶᠠᠨ ᠰᠢᠨ᠎ᠡ ᠴᠠᠭ ᠦᠶ᠎ᠡ ᠶᠢᠨ ᠠᠬᠠᠮᠠᠳ ᠺᠠᠳ᠋ᠷᠴᠤᠳ ᠤᠨ ᠡᠯ᠎ᠡ ᠵᠦᠢᠯ ᠤᠨ ᠠᠵᠢᠯ ᠢ ᠰᠠᠶᠢᠲᠤᠷ ᠬᠢᠨ᠎ᠠ᠃    ᠬᠢᠨᠠᠨ ᠰᠢᠯᠭᠠᠬᠤ ᠳᠤᠭᠤᠶᠢᠯᠠᠩ ᠤᠨ ᠬᠢᠨ ᠪᠠᠰᠠ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠨ ᠪᠠᠶᠢᠴᠠᠭᠠᠬᠤ ᠵᠠᠮ ᠱᠤᠭᠤᠮ ᠢᠶᠠᠷ ᠲᠠᠬᠢᠨ ᠶᠠᠪᠤᠵᠤ᠂ ᠵᠠᠩ ᠭᠦᠸᠧ ᠯᠢ ᠦᠨ ᠭᠡᠷ ᠲᠦ ᠬᠦᠷᠴᠦ ᠰᠤᠷᠪᠤᠯᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠬᠠᠷᠠᠴᠢᠨ ᠬᠤᠰᠢᠭᠤᠨ ᠳᠤ ᠰᠢᠨᠵᠢᠯᠡᠨ ᠪᠠᠶᠢᠴᠠᠭᠠᠬᠤ ᠲᠤᠰᠬᠠᠢ ᠰᠡᠳᠦᠪᠲᠦ ᠹᠢᠯᠢᠮ ᠢ ᠦᠵᠡᠵᠦ᠂ ᠬᠠᠷᠠᠴᠢᠨ ᠬᠤᠰᠢᠭᠤᠨ ᠤ ᠲᠥᠪᠡᠳ ᠬᠠᠰᠢ ᠶᠢᠨ ᠦᠵᠡᠭᠦᠯᠭᠡ ᠶᠢᠨ ᠣᠷᠳᠣᠨ ᠢ ᠲᠣᠭᠤᠷᠢᠨ ᠦᠵᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号