ᠵᠢᠨᠱᠠᠨ ᠪᠠᠯᠭᠠᠰᠤ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠥᠷᠨᠢᠭᠦᠯᠵᠦ ᠬᠠᠷᠢᠶᠠᠲᠤ ᠣᠷᠣᠨ ᠤ ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠦᠨ᠎ᠡ
ᠨᠡᠶᠢᠲᠡᠯᠡᠭᠰᠡᠨ ᠴᠠᠭ᠄
2022/8/24
ᠵᠢᠨᠱᠠᠨ ᠪᠠᠯᠭᠠᠰᠤ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠶᠢ ᠥᠷᠨᠢᠭᠦᠯᠵᠦ ᠬᠠᠷᠢᠶᠠᠲᠤ ᠣᠷᠣᠨ ᠤ ᠣᠯᠠᠨ ᠲᠦᠮᠡᠨ ᠤ ᠰᠡᠷᠭᠡᠶᠢᠯᠡᠨ ᠡᠵᠡᠮᠳᠡᠬᠦ ᠤᠬᠠᠮᠰᠠᠷ ᠢ ᠳᠡᠭᠡᠭᠰᠢᠯᠡᠭᠦᠯᠦᠨ᠎ᠡ    ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠭᠤᠯᠭ᠎ᠠ ᠬᠢᠭᠡᠳ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠠᠵᠢᠯ ᠢ ᠦᠨᠡᠨ ᠬᠦ ᠰᠠᠶᠢᠲᠤᠷ ᠬᠢᠵᠦ᠂ ᠬᠠᠷᠢᠶ᠎ᠠ ᠣᠷᠣᠨ ᠤ ᠣᠯᠠᠨ ᠲᠦᠮᠡᠨ ᠤ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠵᠢᠨᠱᠠᠨ ᠪᠠᠯᠭᠠᠰᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠰᠠᠶᠢᠨ ᠳᠤᠷᠠᠴᠤᠳ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠠᠵᠢᠯᠲᠠᠳ ᠯᠦᠩᠱᠠᠨ ᠲᠣᠰᠬᠤᠨ ᠤ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠵᠢᠴᠢ ᠡᠷᠬᠢᠨ ᠲᠣᠭᠤᠷᠢᠨ ᠤ ᠬᠤᠳᠠᠯᠳᠤᠭᠠᠨ ᠤ ᠬᠡᠲᠦ ᠳᠡᠯᠭᠡᠭᠦᠷ᠂ ᠡᠮ ᠤᠨ ᠳᠡᠯᠭᠡᠭᠦᠷ ᠵᠡᠷᠭᠡ ᠲᠠᠯᠠᠪᠤᠷ ᠲᠤ ︽ᠬᠢᠵᠢᠭ ᠤᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠡᠵᠡᠮᠳᠡᠵᠦ ᠪᠣᠯᠪᠠᠰᠤᠨ ᠤ ᠦᠢᠯᠡᠳᠦᠯᠭᠡ ᠶᠢ ᠬᠠᠮᠲᠤ ᠪᠠᠷ ᠶᠠᠪᠤᠭᠳᠠᠭᠤᠯᠬᠤ︾ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠶ ᠶᠢᠨ ᠲᠠᠯᠠᠪᠤᠷ ᠲᠤ᠂ ᠠᠵᠢᠯᠲᠠᠳ ᠭᠤᠤᠯᠳᠠᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠢᠷᠦ᠋ᠰ ᠢ ᠬᠡᠷᠬᠢᠨ ᠲᠠᠨᠢᠬᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠵᠢᠴᠢ ᠬᠢᠵᠢᠭ ᠢ ᠰᠡᠷᠭᠡᠶᠢᠯᠡᠬᠦ ᠬᠤᠭᠤᠴᠠᠭᠠᠨ ᠳᠠᠬᠢ ᠪᠤᠰᠤᠳ ᠠᠩᠬᠠᠷᠬᠤ ᠵᠦᠢᠯᠡᠰ ᠵᠡᠷᠭᠡ ᠠᠭᠤᠯᠭ᠎ᠠ ᠶᠢᠨ ᠲᠣᠭᠤᠷᠢᠨ ᠳᠤ᠂ ᠨᠠᠰᠢ ᠴᠠᠰᠢ ᠥᠩᠭᠡᠷᠡᠬᠦ ᠲᠣᠰᠬᠤᠨ ᠤ ᠠᠷᠠᠳ ᠪᠣᠯᠤᠨ ᠭᠤᠤᠯᠳᠠᠯᠭ᠎ᠠ ᠲᠠᠢ ᠲᠠᠯᠠᠪᠤᠷ ᠤᠨ ᠬᠥᠮᠦᠰ ᠲᠤ ᠲᠠᠶᠢᠯᠤᠮᠵᠢ ᠬᠢᠬᠦ ᠶᠢᠨ ᠬᠠᠮᠲᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭ᠎ᠠ ᠶᠢᠨ ᠪᠢᠴᠢᠭ︾ ᠲᠠᠷᠬᠠᠭᠠᠵᠤ᠂ ᠤᠷᠢᠳᠴᠢᠯᠠᠨ ᠰᠡᠷᠭᠡᠶᠢᠯᠡᠬᠦ ᠠᠷᠭ᠎ᠠ ᠬᠡᠮᠵᠢᠶ᠎ᠡ ᠶᠢ ᠢᠳᠡᠪᠬᠢᠲᠡᠶ ᠰᠠᠶᠢᠲᠤᠷ ᠬᠢᠬᠦ ᠶᠢ ᠣᠯᠠᠨ ᠳᠤ ᠰᠠᠨᠠᠭᠤᠯᠪᠠ᠃ ᠠᠵᠢᠯᠲᠠᠳ ᠠᠰᠠᠭᠤᠨ ᠯᠠᠪᠯᠠᠭᠰᠠᠨ ᠭᠠᠴᠠᠭᠠᠨ ᠤ ᠠᠷᠠᠳ ᠲᠤ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠲᠦᠭᠡᠮᠡᠯᠵᠢᠭᠦᠯᠪᠡ᠂ ᠵᠢᠱᠢᠶᠡᠯᠡᠪᠡᠯ ᠠᠮᠠᠪᠴᠢ ᠶᠢ ᠵᠥᠪ ᠵᠡᠭᠦᠬᠦ ᠪᠠ ᠰᠢᠢᠳᠪᠦᠷᠢᠯᠡᠬᠦ ᠠᠷᠭ᠎ᠠ᠂ ᠡᠳᠦᠷ ᠲᠤᠲᠤᠮ ᠤᠨ ᠠᠷᠢᠭᠤᠳᠬᠠᠯ ᠤᠨ ᠵᠢᠯᠣᠭᠤᠳᠤᠮᠵᠢ ᠪᠠ ᠰᠡᠷᠭᠡᠶᠢᠯᠡᠨ ᠬᠠᠮᠠᠭᠠᠯᠠᠬᠤ ᠶᠡᠷᠦ ᠶᠢᠨ ᠮᠡᠳᠡᠯᠭᠡ ᠵᠡᠷᠭᠡ ᠪᠣᠯᠤᠨ᠎ᠠ᠃    ᠲᠣᠰ ᠤᠳᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠣᠯᠠᠨ ᠲᠦᠮᠡᠨ ᠳᠤ ᠣᠳᠣᠬᠠᠨ ᠤ ᠬᠦᠨᠳᠦ ᠨᠣᠴᠢᠲᠠᠶ ᠬᠢᠵᠢᠭ ᠤᠨ ᠪᠠᠶᠢᠳᠠᠯ ᠢ ᠤᠯᠠᠮ ᠨᠢᠭᠡ ᠠᠯᠬᠤᠮ ᠣᠶᠢᠯᠠᠭᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠠᠮᠤᠷ ᠲᠦᠪᠰᠢᠨ ᠤ ᠬᠥᠪᠴᠢ︾ ᠶᠢ ᠳᠠᠬᠢᠨᠲᠠ ᠴᠢᠩᠭᠠᠷᠠᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠲᠡᠶᠢᠨ ᠤ ᠢᠯᠠᠯᠲᠠ ᠶᠢ ᠤᠯᠬᠤ ᠳᠤ ᠪᠠᠲᠤ ᠪᠠᠬᠢ ᠦᠵᠡᠯ ᠰᠠᠨᠠᠭᠠᠨ ᠤ ᠰᠠᠭᠤᠷᠢ ᠶᠢ ᠲᠠᠯᠪᠢᠭᠰᠠᠨ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号