ᠮᠠᠨ ᠤ ᠬᠤᠰᠢᠭᠤ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠡᠷᠭᠢᠯᠡᠪᠡ
ᠨᠡᠶᠢᠲᠡᠯᠡᠭᠰᠡᠨ ᠴᠠᠭ᠄
2022/8/26
ᠮᠠᠨ ᠤ ᠬᠤᠰᠢᠭᠤ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠡᠷᠭᠢᠯᠡᠪᠡ    8 ᠰᠠᠷ᠎ᠠ ᠶᠢᠨ 25 ᠤ ᠡᠳᠦᠷ᠂ ᠪᠥᠬᠦ ᠬᠤᠰᠢᠭᠤᠨ ᠤ ᠨᠠᠮ ᠵᠠᠰᠠᠭ ᠤᠨ ᠠᠯᠪᠠᠨ ᠰᠢᠰᠲ᠋ᠧᠮ ᠤᠨ ᠪᠣᠯᠪᠠᠰᠤᠷᠠᠯ ᠤᠨ ᠠᠩᠭᠢ ᠶᠢᠨ ᠬᠢᠴᠢᠶᠡᠯ ᠡᠬᠢᠯᠡᠬᠦ ᠶᠣᠰᠣᠯᠠᠯ ᠰᠣᠶᠣᠯ ᠤᠷᠠᠯᠢᠭ ᠤᠨ ᠲᠥᠪ ᠲᠤ ᠶᠠᠪᠤᠭᠳᠠᠪᠠ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠦ ᠬᠤᠩ ᠲᠦ᠋᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠮᠠ ᠢᠦᠶ ᠬᠦᠶ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠧᠩ ᠰᠢᠶᠠᠨ ᠬᠤᠶ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ ᠬᠤᠷᠠᠯ ᠡᠷᠭᠢᠯᠡᠪᠡ᠃    ᠠᠯᠪᠠᠨ ᠬᠡᠷ ᠤᠨ ᠠᠵᠢᠯ ᠢ ᠰᠠᠶᠢᠲᠤᠷ ᠬᠢᠬᠦ ᠲᠤᠬᠠᠶ ᠹᠠᠩ ᠷᠦᠢ ᠵᠢᠭᠠᠵᠤ ᠭᠠᠷᠭᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠶᠡᠭᠡ ᠲᠠᠯ᠎ᠠ ᠳᠤ ᠦᠢᠯᠡᠴᠢᠯᠡᠬᠦ ᠶᠢ ᠪᠡᠶᠡᠯᠡᠭᠦᠯᠬᠦ ᠬᠡᠷᠡᠭᠲᠡᠶ᠃ ᠤᠯᠤᠰ ᠲᠥᠷᠥ ᠶᠢ ᠡᠷᠬᠢᠮᠯᠡᠬᠦ ᠪᠣᠯ ᠨᠢᠭᠡᠳᠦᠭᠡᠷ ᠱᠠᠭᠠᠷᠳᠠᠯᠭ᠎ᠠ ᠮᠥᠨ᠂ ᠠᠯᠪᠠᠨ ᠬᠡᠷ ᠤᠨ ᠺᠠᠳ᠋ᠷ ᠤᠨ ᠬᠢᠷᠢ ᠲᠡᠩᠴᠡᠭᠦ ᠡᠰᠡᠬᠦ ᠶᠢ ᠬᠡᠮᠵᠢᠬᠦ ᠦᠨᠳᠦᠰᠦᠨ ᠪᠠᠷᠢᠮᠵᠢᠶ᠎ᠠ ᠮᠥᠨ᠂ ᠡᠭᠦᠨ ᠳᠤ ᠦᠨᠡᠨᠴᠢ ᠰᠢᠳᠤᠷᠭᠤ ᠤᠯᠤᠰ ᠲᠥᠷᠥ ᠶᠢᠨ ᠬᠡᠪ ᠰᠤᠷᠲᠠᠯ ᠲᠠᠢ ᠪᠠᠶᠢᠵᠤ᠂ ᠴᠠᠭ ᠢᠮᠠᠭᠲᠠ ᠶᠡᠭᠡ ᠶᠤᠰᠤ ᠢ ᠲᠠᠨᠢᠵᠤ᠂ ᠶᠡᠭᠡ ᠲᠠᠯ᠎ᠠ ᠶᠢ ᠪᠤᠳᠤᠯᠬᠢᠯᠠᠵᠤ ᠂ ᠲᠡᠷᠢᠭᠦᠨ ᠤ ᠬᠢ ᠶᠢ ᠴᠢᠷᠮᠠᠶᠢᠨ ᠡᠭᠦᠳᠬᠦ ᠡᠷᠡᠯᠬᠡᠭᠯᠡᠨ ᠤᠷᠤᠭᠰᠢᠯᠠᠬᠤ ᠵᠣᠷᠢᠭ ᠰᠠᠨᠠᠭ᠎ᠠ ᠲᠠᠢ ᠪᠠᠶᠢᠬᠤ ᠬᠡᠷᠡᠭᠲᠡᠶ︔ ᠴᠢᠳᠠᠪᠤᠷᠢ ᠶᠢᠨ ᠳᠡᠭᠡᠭᠰᠢᠯᠡᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠴᠢᠩᠭ᠎ᠠ ᠨᠢᠮᠪᠠᠶ᠂ ᠥᠨᠳᠥᠷ ᠪᠦᠲᠦᠮᠵᠢᠲᠡᠢ ᠪᠠᠷ ᠠᠵᠢᠯᠯᠠᠭᠤᠯᠬᠤ ᠶᠢ ᠪᠡᠶᠡᠯᠡᠭᠦᠯᠬᠦ ᠬᠡᠷᠡᠭᠲᠡᠢ᠃ ᠴᠢᠳᠠᠪᠤᠷᠢ ᠪᠠ ᠬᠡᠪ ᠴᠢᠨᠠᠷ ᠢ ᠳᠡᠭᠡᠭᠰᠢᠯᠡᠭᠦᠯᠬᠦ ᠶᠢ ᠲᠤᠰᠢᠶᠠᠯ ᠬᠠᠷᠢᠭᠤᠴᠠᠯᠭ᠎ᠠ᠂ ᠠᠬᠤᠶ ᠪᠠᠶᠢᠳᠠᠯ ᠪᠠ ᠬᠥᠭᠡᠭᠡᠴᠡᠯᠳᠦᠯ ᠢᠶᠠᠷ ᠦᠵᠡᠵᠦ᠂ ᠰᠢᠷᠭᠠᠭᠤ ᠰᠤᠷᠤᠯᠴᠠᠵᠤ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠵᠣᠷᠢᠭᠲᠠᠶ ᠪᠠᠷ ᠳᠠᠪᠠᠵᠤ᠂ ᠰᠢᠨ᠎ᠡ ᠪᠠᠶᠢᠳᠠᠯ ᠳᠤ ᠴᠢᠷᠮᠠᠶᠢᠨ ᠵᠣᠬᠢᠴᠠᠵᠤ᠂ ᠰᠣᠶᠣᠯ ᠢᠶᠠᠷ ᠵᠠᠰᠠᠭ ᠢ ᠲᠤᠰᠠᠯᠠᠬᠤ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠵᠦ᠂ ᠦᠰᠦᠭ ᠪᠢᠴᠢᠭ ᠤᠨ ᠮᠠᠲ᠋ᠧᠷᠢᠶᠠᠯ ᠢ ᠶᠠᠰᠤ ᠴᠢᠨᠠᠷ ᠢ ᠡᠷᠬᠢᠮᠯᠡᠬᠦ ᠳᠡᠭᠡᠷ᠎ᠡ ᠬᠦᠴᠦ ᠲᠠᠯᠪᠢᠵᠤ᠂ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠳᠤ ᠲᠦᠷᠭᠡᠨ ᠢ ᠬᠥᠭᠡᠭᠡᠴᠡᠯᠳᠦᠬᠦ ᠳᠡᠭᠡᠷ᠎ᠡ ᠬᠦᠴᠦ ᠲᠠᠯᠪᠢᠵᠤ᠂ ᠪᠠᠶᠢᠴᠠᠭᠠᠨ ᠰᠤᠳᠤᠯᠵᠤ ᠰᠢᠪᠠᠳᠠᠨ ᠪᠠᠶᠢᠴᠠᠭᠠᠬᠤ ᠳᠤ ᠰᠢᠯᠢᠳᠡᠭ ᠢ ᠡᠷᠬᠢᠮᠯᠡᠬᠦ ᠳᠡᠭᠡᠷ᠎ᠡ ᠬᠦᠴᠦ ᠲᠠᠯᠪᠢᠬᠤ ᠬᠡᠷᠡᠭᠲᠡᠶ︔ ᠶᠡᠷᠦᠩᠬᠡᠶᠢᠯᠡᠭᠰᠡᠨ ᠪᠠᠲᠤᠯᠠᠪᠤᠷᠢ ᠶᠢᠨ ᠴᠢᠳᠠᠪᠤᠷᠢ ᠪᠠᠨ ᠦᠨᠡᠨᠬᠦ ᠳᠡᠭᠡᠭᠰᠢᠯᠡᠭᠦᠯᠵᠦ᠂ ᠨᠠᠷᠢᠨ ᠬᠢᠨᠠᠮᠠᠭᠠᠢ ᠪᠢᠴᠢᠭ ᠮᠠᠲ᠋ᠧᠷᠢᠶᠠᠯ ᠪᠠ ᠬᠤᠷᠠᠯ ᠤᠨ ᠶᠠᠪᠤᠳᠠᠯ ᠢ ᠰᠢᠢᠳᠪᠦᠷᠢᠯᠡᠵᠦ᠂ ᠠᠵᠢᠯ ᠶᠠᠪᠤᠳᠠᠯ ᠡᠷᠬᠢᠯᠡᠬᠦ ᠦᠢᠯᠡᠴᠢᠯᠡᠭᠡ ᠶᠢ ᠯᠠᠪᠳᠠᠭᠤᠨ ᠨᠢᠮᠪᠠᠢ ᠬᠢᠬᠦ ᠬᠡᠷᠡᠭᠲᠡᠢ︔ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠪᠦᠯᠬᠦᠮᠳᠡᠨ ᠬᠤᠪᠢ ᠨᠡᠮᠡᠷᠢ ᠦᠵᠡᠭᠦᠯᠵᠦ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠴᠠᠭ ᠢᠮᠠᠭᠲᠠ ᠪᠡᠶ᠎ᠡ ᠪᠠᠨ ᠬᠢᠴᠢᠶᠡᠬᠦ᠂ ᠪᠡᠶ᠎ᠡ ᠪᠠᠨ ᠬᠢᠨᠠᠬᠤ᠂ ᠪᠡᠶ᠎ᠡ ᠪᠠᠨ ᠰᠡᠷᠡᠮᠵᠢᠯᠡᠭᠦᠯᠬᠦ᠂ ᠪᠡᠶ᠎ᠡ ᠪᠠᠨ ᠵᠣᠷᠢᠭᠵᠢᠭᠤᠯᠬᠤ ᠶᠢ ᠪᠡᠶᠡᠯᠡᠭᠦᠯᠵᠦ᠂ ᠰᠤᠷᠲᠠᠯ ᠤᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠰᠤᠷᠲᠠᠯ ᠴᠢᠬᠡᠴᠢ ᠣᠪᠣᠷ ᠲᠥᠪ ᠠᠵᠢᠯ ᠬᠢᠵᠦ ᠦᠢᠯᠡᠰ ᠪᠤᠰᠬᠠᠬᠤ ᠠᠭᠤᠷ ᠠᠮᠢᠰᠬᠤᠯ ᠢ ᠶᠡᠬᠡᠪᠡᠷ ᠪᠤᠢ ᠪᠣᠯᠭᠠᠵᠤ᠂ ᠪᠦᠯᠬᠦᠮᠳᠡᠨ ᠠᠵᠢᠯᠯᠠᠵᠤ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠬᠠᠷᠢᠭᠤᠴᠠᠯᠭ᠎ᠠ ᠪᠠᠨ ᠲᠣᠳᠣᠷᠬᠠᠢ ᠭᠦᠢᠴᠡᠳᠬᠡᠵᠦ᠂ ᠠᠷᠢᠭᠤᠨ ᠴᠢᠬᠡᠴᠢ ᠪᠠᠶᠢᠵᠤ᠂ ᠲᠦᠷᠢ ᠲᠥᠷᠬᠦ ᠪᠠᠨ ᠬᠠᠮᠠᠭᠠᠯᠠᠬᠤ ᠬᠡᠷᠡᠭᠲᠡᠢ᠃    ᠲᠣᠰ ᠤᠳᠠᠭᠠᠨ ᠤ ᠪᠣᠯᠪᠠᠰᠤᠷᠠᠯ ᠨᠢ ᠬᠤᠶᠠᠷ ᠡᠳᠦᠷ ᠦᠷᠭᠦᠯᠵᠢᠯᠡᠨ᠎ᠡ᠂ ᠪᠣᠯᠪᠠᠰᠤᠷᠠᠯ ᠳᠤ ᠣᠷᠣᠯᠴᠠᠭᠰᠠᠳ ᠨᠢ ᠪᠥᠬᠦ ᠬᠤᠰᠢᠭᠤᠨ ᠤ ᠨᠠᠮ ᠵᠠᠰᠠᠭ ᠤᠨ ᠠᠯᠪᠠᠯᠠᠬᠤ ᠰᠢᠰᠲ᠋ᠧᠮ ᠤᠨ ᠺᠠᠳ᠋ᠷ ᠵᠢᠴᠢ ᠠᠵᠢᠯᠲᠠᠨ ᠪᠣᠯᠤᠨ᠎ᠠ᠃ ᠪᠣᠯᠪᠠᠰᠤᠷᠠᠭᠤᠯᠤᠯ ᠳᠤ ᠣᠷᠣᠯᠴᠠᠬᠤ ᠬᠢᠴᠢᠶᠡᠯ ᠢ ᠶᠡᠷᠦᠩᠬᠡᠶᠢᠯᠡᠭᠰᠡᠨ ᠡᠬᠡ ᠪᠢᠴᠢᠭ ᠲᠤᠭᠤᠷᠪᠢᠬᠤ ᠠᠵᠢᠯ᠂ ᠠᠯᠪᠠᠨ ᠪᠢᠴᠢᠭ ᠭᠦᠢᠴᠡᠳᠬᠡᠬᠦ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ ᠳᠠᠩᠰᠠᠯᠠᠬᠤ᠂ ᠮᠡᠳᠡᠭᠡ ᠵᠠᠩᠭᠢ ᠶᠢᠨ ᠪᠠᠶᠢᠴᠠᠭᠠᠨ ᠰᠤᠳᠤᠯᠤᠯᠲᠠ ᠬᠢᠬᠦ᠂ ᠴᠢᠬᠤᠯᠠ ᠶᠡᠭᠡ ᠪᠠᠴᠢᠮ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ᠂ ᠰᠢᠮᠳᠠᠭᠤᠯᠤᠨ ᠪᠠᠶᠢᠴᠠᠭᠠᠬᠤ ᠠᠵᠢᠯ ᠵᠡᠷᠭᠡ ᠲᠠᠯ᠎ᠠ ᠶᠢᠨ ᠲᠣᠭᠤᠷᠢᠨ ᠳᠤ ᠶᠠᠪᠤᠭᠳᠠᠭᠤᠯᠤᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号