ᠤᠯᠠᠭᠠᠨᠬᠠᠳᠠ ᠬᠤᠲᠠ ᠶᠢᠨ ︽ᠬᠤᠳᠠᠯᠳᠤᠭᠠᠴᠢᠨ ᠤᠷᠢᠬᠤ ᠡᠯᠴᠢᠨ ᠰᠠᠢᠳ︾ ᠾᠧ ᠮᠧᠶ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2022/8/3
ᠤᠯᠠᠭᠠᠨᠬᠠᠳᠠ ᠬᠤᠲᠠ ᠶᠢᠨ ︽ᠬᠤᠳᠠᠯᠳᠤᠭᠠᠴᠢᠨ ᠤᠷᠢᠬᠤ ᠡᠯᠴᠢᠨ ᠰᠠᠢᠳ︾ ᠾᠧ ᠮᠧᠶ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠳᠤ ᠰᠢᠨᠵᠢᠯᠡᠨ ᠪᠠᠶᠢᠴᠠᠭᠠᠪᠠ    8 ᠰᠠᠷ᠎ᠠ ᠶᠢᠨ 3 ᠤ ᠡᠳᠦᠷ᠂ ᠤᠯᠠᠭᠠᠨᠬᠠᠳᠠ ᠬᠤᠲᠠ ᠶᠢᠨ ᠲᠦᠷᠦᠭᠦᠤ ᠪᠦᠯᠦᠭ ᠤᠨ ᠬᠤᠳᠠᠯᠳᠤᠭᠠᠴᠢᠨ ᠤᠷᠢᠬᠤ ᠡᠯᠴᠢᠨ ᠰᠠᠶᠢᠳ ᠾᠧ ᠮᠧᠶ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠠᠭᠠᠷ ᠤᠨ ᠭᠠᠷᠠᠮ ᠤᠨ ᠠᠵᠤ ᠠᠬᠤᠶ ᠶᠢᠨ ᠲᠣᠭᠤᠷᠢᠭ ᠲᠤ ᠬᠦᠷᠴᠦ ᠲᠣᠭᠤᠷᠢᠨ ᠦᠵᠡᠵᠦ ᠰᠢᠨᠵᠢᠯᠡᠨ ᠪᠠᠶᠢᠴᠠᠭᠠᠪᠠ᠃ ᠬᠤᠰᠢᠭᠤᠨ ᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ ᠪᠠᠷ᠎ᠠ ᠪᠤᠯᠵᠤ ᠰᠢᠨᠵᠢᠯᠡᠨ ᠪᠠᠶᠢᠴᠠᠭᠠᠪᠠ᠃    ᠡᠨᠡ ᠵᠢᠯ᠂ ᠾᠧ ᠮᠧᠶ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠳᠤ 9 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ︽ᠪᠠᠷᠠᠭᠤᠨ ᠬᠡᠰᠡᠭ ᠤᠨ ᠣᠷᠣᠨ ᠳᠤᠲᠠᠭᠤᠳᠠᠯ ᠢᠶᠠᠨ ᠨᠥᠬᠦᠪᠥᠷᠢᠯᠡᠵᠦ᠂ ᠵᠡᠭᠦᠨ ᠬᠡᠰᠡᠭ ᠤᠨ ᠣᠷᠣᠨ ᠪᠣᠷᠣ ᠲᠥᠯᠥᠪ ᠢ ᠴᠣᠭᠴᠠᠯᠠᠬᠤ︾ ᠬᠥᠭᠵᠢᠯᠲᠡ ᠶᠢᠨ ᠰᠡᠳᠬᠢᠮᠵᠢ ᠪᠠᠷ᠂ ᠪᠠᠷᠠᠭᠤᠨ ᠬᠡᠰᠡᠭ ᠤᠨ ᠣᠷᠣᠨ ᠪᠠ ᠾᠧ ᠮᠧᠢ ᠠᠵᠤ ᠦᠢᠯᠡᠳᠪᠦᠷᠢ ᠠᠷᠠᠯᠵᠢᠶᠠᠨ ᠤ ᠬᠦᠷᠢᠶᠡᠯᠡᠩ ᠤᠨ ᠬᠤᠲᠠ ᠶᠢᠨ ᠶᠠᠪᠤᠳᠠᠯ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ ᠢᠨᠵᠧᠨᠧᠷᠢᠩ ᠢ ᠡᠬᠢᠯᠡᠭᠦᠯᠦᠨ᠎ᠡ᠂ ᠡᠭᠦᠨ ᠳᠤ ᠾᠧ ᠮᠧᠶ ᠭᠤᠤᠯ ᠰᠡᠳᠦᠪᠲᠦ ᠴᠡᠴᠡᠷᠯᠢᠭ᠂ ᠭᠤᠤᠯᠳᠠᠯᠭ᠎ᠠ ᠲᠠᠢ ᠵᠠᠮ ᠤᠨ ᠬᠡᠰᠡᠭ ᠤᠨ ᠨᠣᠭᠤᠭᠠᠷᠠᠭᠤᠯᠤᠯᠲᠠ ᠦᠵᠡᠮᠵᠢ ᠶᠢᠨ ᠢᠨᠵᠧᠨᠧᠷᠢᠩ᠂ ᠪᠠᠷᠠᠭᠤᠨ ᠭᠠᠳᠠᠷ ᠲᠣᠭᠤᠷᠢᠯ ᠵᠠᠮ ᠵᠡᠷᠭᠡ 4 ᠵᠤᠷᠪᠤᠰ ᠬᠤᠲᠠ ᠶᠢᠨ ᠶᠠᠪᠤᠳᠠᠯ ᠤᠨ ᠵᠠᠮ ᠢ ᠬᠡᠷᠡᠭᠵᠢᠭᠦᠯᠬᠦ ᠶᠢ ᠪᠠᠭᠲᠠᠭᠠᠨ᠎ᠠ᠃ ᠵᠡᠭᠦᠨ ᠬᠡᠰᠡᠭ ᠤᠨ ᠣᠷᠣᠨ ᠳᠤ ᠠᠭᠠᠷ ᠤᠨ ᠭᠠᠷᠠᠮ ᠤᠨ ᠠᠵᠤ ᠠᠬᠤᠶ ᠶᠢᠨ ᠣᠷᠣᠨ ᠢᠶᠠᠷ ᠭᠤᠣᠯ ᠪᠣᠯᠭᠠᠨ ᠰᠠᠭᠤᠷᠢ ᠲᠥᠬᠦᠭᠡᠷᠦᠮᠵᠢ ᠶᠢᠨ ᠢᠵᠢ ᠪᠦᠷᠢᠳᠦᠭᠦᠯᠬᠦ ᠵᠦᠢᠯᠡᠰ ᠢ ᠡᠬᠢᠯᠡᠭᠦᠯᠵᠦ᠂ ᠾᠧ ᠮᠧᠶ ᠴᠢᠶᠣᠤ ᠬᠥᠭᠦᠷᠭᠡ ᠵᠢᠴᠢ ᠡᠶ᠎ᠡ ᠵᠣᠬᠢᠴᠠᠯᠳᠤ ᠬᠥᠭᠦᠷᠭᠡ ᠵᠡᠷᠭᠡ 2 ᠰᠠᠭᠤᠷᠢ ᠭᠤᠣᠯ ᠰᠤᠨᠳᠠᠯᠠᠭᠰᠠᠨ ᠶᠡᠭᠡ ᠬᠥᠭᠦᠷᠭᠡ᠂ ᠰᠢᠷᠠᠮᠦᠷᠡᠨ ᠶᠡᠭᠡ ᠵᠡᠭᠡᠯᠢ᠂ ᠾᠧ ᠳ᠋ᠦᠩ ᠭᠤᠷᠪᠠᠳᠤᠭᠠᠷ ᠵᠠᠮ᠂ ᠲᠢᠶᠧ ᠨᠠᠨ ᠶᠡᠭᠡ ᠵᠡᠭᠡᠯᠢ ᠵᠡᠷᠭᠡ 3 ᠵᠤᠷᠪᠤᠰ ᠬᠤᠳᠠ ᠶᠢᠨ ᠶᠠᠪᠤᠳᠠᠯ ᠤᠨ ᠵᠠᠮ ᠤᠨ ᠪᠦᠳᠦᠭᠡᠨ ᠪᠠᠶᠢᠭᠤᠯᠤᠯᠲᠠ ᠶᠢ ᠪᠦᠳᠦᠭᠡᠨ ᠪᠠᠶᠢᠭᠤᠯᠵᠤ᠂ ᠵᠡᠭᠦᠨ ᠪᠠᠷᠠᠭᠤᠨ ᠬᠤᠶᠠᠷ ᠡᠷᠭᠢ ᠶᠢᠨ ᠵᠠᠮ ᠬᠠᠷᠢᠯᠴᠠᠭᠠᠨ ᠤ ᠲᠣᠣᠷ ᠢ ᠪᠦᠬᠦ ᠬᠦᠴᠦᠨ ᠢᠶᠠᠷ ᠢᠶᠠᠨ ᠨᠡᠪᠲᠡᠷᠡᠭᠦᠯᠦᠨ᠎ᠡ᠃    ᠣᠶᠢᠯᠠᠭᠠᠭᠰᠠᠨ ᠢᠶᠠᠷ᠂ ᠡᠨᠡ ᠵᠢᠯ ᠤᠨ 4 ᠰᠠᠷ᠎ᠠ ᠳᠤ᠂ ᠬᠤᠲᠠ ᠶᠢᠨ ᠵᠠᠰᠠᠭ ᠤᠨ ᠣᠷᠳᠣᠨ ᠤᠯᠤᠰ ᠤᠨ ᠳᠣᠲᠣᠭᠠᠳᠤ ᠶᠢᠨ ᠡᠯ᠎ᠡ ᠬᠦᠷᠢᠶᠡᠨ ᠳᠤ ᠲᠣᠪᠤᠶᠢᠮ᠎ᠠ ᠠᠮᠵᠢᠯᠲᠠ ᠪᠦᠲᠦᠮᠵᠢ ᠪᠠ ᠥᠷᠭᠡᠨ ᠳᠡᠯᠭᠡᠷ ᠨᠥᠯᠥᠭᠡᠯᠡᠬᠦ ᠬᠦᠴᠦᠨ ᠲᠠᠢ᠂ ᠤᠯᠠᠭᠠᠨᠬᠠᠳᠠ ᠶᠢᠨ ᠬᠥᠭᠵᠢᠯᠲᠡ ᠶᠢ ᠬᠠᠯᠠᠮᠵᠢᠯᠠᠨ ᠳᠡᠮᠵᠢᠳᠡᠭ ᠡᠯ᠎ᠡ ᠠᠵᠢᠯ ᠲᠥᠷᠥᠯ ᠤᠨ 10 ᠰᠣᠳᠣᠨ ᠬᠥᠮᠦᠰ ᠢ ᠤᠷᠢᠵᠤ᠂ ᠲᠦᠷᠦᠭᠦᠤ ᠪᠦᠯᠦᠭ ᠤᠨ ᠤᠯᠠᠭᠠᠨᠬᠠᠳᠠ ᠬᠤᠲᠠ ᠶᠢᠨ ︽ᠬᠤᠳᠠᠯᠳᠤᠭᠠᠴᠢᠨ ᠤᠷᠢᠬᠤ ᠡᠯᠴᠢᠨ ᠰᠠᠶᠢᠳ︾ ᠤᠨ ᠲᠤᠰᠢᠶᠠᠯ ᠢ ᠡᠭᠦᠷᠭᠡᠯᠡᠭᠦᠯᠪᠡ᠃    ᠡᠯ᠎ᠡ ᠠᠷᠠᠯᠵᠢᠶᠠᠴᠢᠨ ᠤᠷᠢᠬᠤ ᠡᠯᠴᠢᠨ ᠰᠠᠶᠢᠳ ᠮᠠᠨ ᠤ ᠬᠤᠰᠢᠭᠤᠨ ᠤ ᠬᠦᠷᠢᠶᠡᠯᠡᠩ ᠲᠣᠭᠤᠷᠢᠭ ᠤᠨ ᠬᠥᠭᠵᠢᠯᠲᠡ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ ᠲᠠᠷᠠᠭ᠎ᠠ ᠂ ᠮᠠᠨ ᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠳᠤ ᠨᠡᠶᠢᠴᠡᠬᠦ ᠪᠡᠯᠡ ᠣᠷᠣᠭᠤᠯᠤᠯᠲᠠ ᠶᠢᠨ ᠲᠦᠷᠦᠯ ᠵᠦᠢᠯ ᠪᠠ ᠲᠡᠷᠢᠭᠦᠨ ᠤ ᠮᠡᠷᠭᠡᠵᠢᠯ ᠤᠨ ᠮᠡᠳᠡᠭᠡ ᠵᠠᠩᠭᠢ ᠶᠢ ᠢᠳᠡᠪᠬᠢᠲᠡᠢ ᠪᠠᠲᠤᠯᠠᠨ ᠲᠠᠨᠢᠯᠴᠠᠭᠤᠯᠵᠤ᠂ ᠲᠦᠷᠦᠯ ᠵᠦᠢᠯ ᠢ ᠰᠢᠨᠵᠢᠯᠡᠨ ᠪᠠᠶᠢᠴᠠᠭᠠᠵᠤ ᠵᠥᠪᠳᠡᠯᠴᠡᠬᠦ ᠪᠠ ᠭᠡᠷ᠎ᠡ ᠲᠣᠭᠲᠠᠨ ᠡᠷᠦᠬᠡ ᠠᠮᠠ ᠣᠷᠣᠬᠤ ᠶᠢ ᠠᠬᠢᠭᠤᠯᠤᠨ᠎ᠠ ᠭᠡᠵᠦ ᠢᠯᠡᠳᠬᠡᠵᠡᠭᠡᠪᠡ᠃    ᠯᠢ ᠬᠦᠢ ᠹᠠᠩ ᠬᠡᠯᠡᠭᠰᠡᠨ ᠨᠢ ᠂ ᠡᠯ᠎ᠡ ᠠᠷᠠᠯᠵᠢᠶᠠᠴᠢᠨ ᠤᠷᠢᠬᠤ ᠡᠯᠴᠢᠨ ᠰᠠᠶᠢᠳ ᠨᠡᠷᠡᠳᠦ ᠠᠵᠤ ᠠᠬᠤᠶᠢᠯᠠᠯ ᠪᠣᠯᠤᠨ ᠨᠡᠷᠡᠳᠦ ᠬᠥᠮᠦᠰ ᠤᠨ ᠠᠷᠭ᠎ᠠ ᠵᠠᠮ ᠤᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯᠲᠠᠨ ᠤ ᠬᠦᠴᠦᠨ ᠢ ᠥᠷᠭᠡᠨ ᠢᠶᠠᠷ ᠳᠠᠶᠢᠴᠢᠯᠠᠵᠤ᠂ ᠬᠠᠷᠠᠴᠢᠨ ᠢ ᠤᠬᠠᠭᠤᠯᠬᠤ ᠰᠠᠶᠢᠨ ᠡᠯᠴᠢ ᠪᠤᠯᠵᠤ᠂ ᠬᠠᠷᠠᠴᠢᠨ ᠤ ᠭᠤᠣᠯᠳᠠᠯᠭ᠎ᠠ ᠲᠠᠢ ᠠᠵᠤ ᠦᠢᠯᠡᠰ᠂ ᠡᠬᠢ ᠪᠠᠶᠠᠯᠢᠭ ᠤᠨ ᠳᠠᠪᠠᠭᠤᠯᠢᠭ᠂ ᠪᠡᠯᠡ ᠣᠷᠣᠭᠤᠯᠤᠯᠲᠠ ᠶᠢᠨ ᠣᠷᠴᠢᠨ ᠲᠣᠭᠤᠷᠢᠨ ᠪᠣᠯᠤᠨ ᠠᠷᠠᠯᠵᠢᠶᠠᠴᠢᠨ ᠤᠷᠢᠬᠤ ᠲᠦᠷᠦ ᠶᠢᠨ ᠪᠤᠳᠤᠯᠭ᠎ᠠ ᠶᠢ ᠶᠡᠬᠡᠪᠡᠷ ᠲᠠᠨᠢᠯᠴᠠᠭᠤᠯᠵᠤ᠂ ᠨᠡᠩ ᠤᠯᠠᠨ ᠬᠥᠮᠦᠰ ᠲᠤ ᠬᠠᠷᠠᠴᠢᠨ ᠢ ᠠᠩᠬᠠᠷᠤᠭᠤᠯᠵᠤ᠂ ᠡᠶ᠎ᠡ ᠨᠠᠶᠢᠷᠠᠮᠳᠠᠭᠤ ᠪᠠᠶᠢᠬᠤ ᠶᠢ ᠤᠢᠢᠯᠠᠭᠠᠭᠤᠯᠬᠤ ᠬᠡᠷᠡᠭᠲᠡᠢ ᠭᠡᠵᠦ ᠬᠦᠰᠡᠪᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号