ᠤᠯᠠᠭᠠᠨᠬᠠᠳᠠ ᠶᠢᠨ ᠬᠤᠩ ᠹᠦ᠋ ᠤᠳᠤ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠦᠷᠦᠯ | ᠵᠦᠢᠯ ᠤᠨ ᠠᠵᠢᠯ ᠡᠬᠢᠯᠡᠬᠦ ᠵᠢᠴᠢ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ | ᠬᠠᠷᠠᠴᠢᠨ ᠲᠥᠪᠡᠳ ᠬᠠᠰᠢ ᠶᠢᠨ ᠪᠠᠶᠠᠷ ᠤᠨ ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠪᠠ | 8 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠠᠵᠢᠯ | ᠡᠬᠢᠯᠡᠬᠦ ᠵᠢᠴᠢ ᠳᠣᠯᠣᠳᠤᠭᠠᠷ ᠬᠤᠭᠤᠴᠠᠭᠠᠨ ᠤ ᠥᠪᠥᠷ ᠮᠣᠩᠭᠤᠯ ᠬᠠᠷᠠᠴᠢᠨ ᠤ ᠲᠥᠪᠡᠳ ᠬᠠᠰᠢ ᠶᠢᠨ ᠪᠠᠶᠠᠷ ᠤᠨ | ᠲᠤᠬᠠᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠢᠪᠠ᠃ ᠳᠡᠳ᠋ ᠬᠤᠰᠢᠭᠤᠨ ᠳᠠᠷᠤᠭ᠎ᠠ | ᠪᠢᠴᠢᠭᠲᠦ ᠂ ᠡᠯ᠎ᠡ ᠰᠢᠶᠠᠩ ᠪᠠᠯᠭᠠᠰᠤ᠂ ᠬᠤᠰᠢᠭᠤᠨ ᠰᠢᠭᠤᠳ ᠬᠠᠷᠢᠶ᠎ᠠ ᠨᠢᠭᠡᠴᠡ ᠶᠢᠨ ᠬᠠᠮᠢᠶ᠎ᠠ | ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠵᠢᠴᠢ ᠣᠯᠠᠨ ᠵᠠᠭᠤᠴᠢᠯᠠᠭᠤᠷ ᠤᠨ ᠬᠢᠨ ᠰᠣᠨᠢᠨ ᠮᠡᠳᠡᠭᠡ | ᠨᠡᠶᠢᠲᠡᠯᠡᠬᠦ ᠬᠤᠷᠠᠯ ᠳᠤ ᠣᠷᠣᠯᠴᠠᠵᠠᠶ᠃ | ᠪᠢᠴᠢᠭᠲᠦ ᠮᠠᠨ ᠤ ᠬᠤᠰᠢᠭᠤᠨ ᠤ ᠲᠥᠪᠡᠳ ᠬᠠᠰᠢ ᠶᠢᠨ ᠠᠵᠤ ᠦᠢᠯᠡᠰ ᠤᠨ | ᠬᠥᠭᠵᠢᠯᠲᠡ ᠵᠢᠴᠢ ᠤᠯᠠᠭᠠᠨᠬᠠᠳᠠ ᠶᠢᠨ ᠬᠤᠩ ᠹᠦ᠋ ᠣᠲᠣ ᠦᠶ᠎ᠡ ᠶᠢᠨ ᠲᠠᠷᠢᠶᠠᠯᠠᠩ ᠤᠨ ᠠᠵᠤ | ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠪᠠ᠃ | ᠲᠠᠨᠢᠯᠴᠠᠭᠤᠯᠤᠭᠰᠠᠨ ᠢᠶᠠᠷ᠂ ᠮᠠᠨ ᠤ ᠬᠤᠰᠢᠭᠤᠨ ᠤ ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠠᠵᠤ | ᠦᠢᠯᠡᠰ ᠶᠡᠷᠡᠭᠡᠳ ᠣᠨ ᠠᠴᠠ ᠡᠬᠢᠯᠡᠵᠦ᠂ ᠦᠷ᠎ᠡ ᠴᠢᠬᠢ ᠪᠤᠶᠢᠵᠢᠭᠤᠯᠬᠤ ᠲᠠᠯ᠎ᠠ ᠪᠠᠷ᠂ ᠵᠢᠨᠱᠠᠨ ᠪᠠᠯᠭᠠᠰᠤᠨ ᠤ | ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠢᠶᠠᠷ ᠠᠴᠢᠶᠠᠯᠠᠪᠤᠷᠢ ᠪᠣᠯᠭᠠᠵᠤ᠂ | ᠲᠥᠬᠦᠭᠡᠷᠦᠮᠵᠢᠲᠦ ᠢᠳᠡᠰᠢᠨ ᠨᠣᠭᠤᠭ᠎ᠠ ᠶᠢᠨ ᠡᠮᠦᠨ᠎ᠡ ᠦᠵᠦᠭᠦᠷ ᠤᠨ ᠠᠵᠤ ᠦᠢᠯᠡᠰ ᠤᠨ ᠬᠡᠯᠬᠢᠶ᠎ᠡ ᠶᠢ ᠠᠯᠬᠤᠮ | ᠠᠯᠬᠤᠮ ᠢᠶᠠᠷ ᠤᠷᠲᠤᠳᠬᠠᠨ ᠪᠠᠬᠢᠵᠢᠭᠦᠯᠵᠦ᠂ ᠬᠦᠷᠢᠶᠡᠯᠡᠩ ᠲᠣᠭᠤᠷᠢᠭ ᠤᠨ ᠲᠥᠯᠥᠪᠵᠢᠭᠦᠯᠭᠡ ᠳᠤ 1500 ᠮᠦ | ᠭᠠᠵᠠᠷ ᠡᠵᠡᠯᠡᠵᠦ᠂ ᠶᠡᠷᠦᠩᠬᠡᠢ ᠪᠡᠯᠡ ᠣᠷᠣᠭᠤᠯᠤᠯᠲᠠ ᠨᠢ 1 . 2 ᠳ᠋ᠦᠩᠰᠢᠭᠤᠷ ᠲᠥᠭᠦᠷᠢᠭ ᠲᠤ ᠬᠦᠷᠴᠦ᠂ ᠦᠷ᠎ᠡ | ᠴᠢᠬᠢ ᠶᠢ ᠰᠤᠳᠤᠯᠤᠨ ᠨᠡᠭᠡᠭᠡᠵᠦ ᠪᠤᠶᠢᠵᠢᠭᠤᠯᠬᠤ᠂ ᠲᠠᠷᠢᠬᠤ ᠮᠡᠷᠭᠡᠵᠢᠯ ᠢ ᠳᠡᠯᠭᠡᠷᠡᠭᠦᠯᠬᠦ᠂ ᠪᠣᠬᠢᠷᠲᠤᠯ ᠦᠭᠡᠢ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠢ ᠨᠢᠭᠡ ᠴᠣᠭᠴᠠᠵᠢᠭᠤᠯᠤᠭᠰᠠᠨ ᠣᠳᠣᠬᠢᠴᠢᠯᠠᠭᠰᠠᠨ | ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠪᠣᠯᠤᠨ᠎ᠠ︔ ᠲᠠᠷᠢᠮᠠᠯ ᠤᠨ ᠰᠠᠭᠤᠷᠢᠨ ᠤ ᠲᠠᠯ᠎ᠠ ᠪᠠᠷ᠂ ᠸᠠᠩ ᠶᠧ | ᠹᠦ᠋ ᠪᠠᠯᠭᠠᠰᠤ᠂ ᠵᠢᠨᠱᠠᠨ ᠪᠠᠯᠭᠠᠰᠤ ᠪᠣᠯ ᠬᠦᠶ᠋ᠲᠡᠨ ᠰᠠᠷᠠᠪᠴᠢ ᠶᠢᠨ ᠬᠠᠲᠠᠭᠤ ᠵᠢᠮᠢᠰ ᠲᠥᠪᠡᠳ ᠬᠠᠰᠢ ᠳᠠᠷᠢᠬᠤ | ᠲᠤᠰᠬᠠᠶ ᠪᠠᠯᠭᠠᠰᠤ ᠮᠥᠨ᠂ ᠪᠠᠰᠠ ᠴᠤ ᠤᠮᠠᠷᠠᠲᠤ ᠣᠷᠣᠨ ᠤ ᠭᠠᠭᠴᠠ ᠴᠣᠭᠴᠠᠲᠤ ᠬᠦᠢᠲᠡᠨ | ᠰᠠᠷᠠᠪᠴᠢ ᠶᠢᠨ ᠳᠠᠷᠢᠬᠤ ᠲᠠᠯᠠᠪᠠᠶ ᠪᠠᠷ ᠬᠠᠮᠤᠭ ᠤᠨ ᠶᠡᠭᠡ ᠬᠠᠲᠠᠭᠤ ᠵᠢᠮᠢᠰ ᠲᠥᠪᠡᠳ ᠬᠠᠰᠢ ᠳᠠᠷᠢᠬᠤ ᠰᠠᠭᠤᠷᠢᠨ | ᠮᠥᠨ᠂ ᠬᠤᠶᠠᠷ ᠪᠠᠯᠭᠠᠰᠤᠨ ᠤ ᠳᠠᠷᠢᠬᠤ ᠲᠠᠯᠠᠪᠠᠶ ᠨᠢ 4 ᠲᠦᠮᠡᠨ ᠮᠥ ᠳᠤ ᠬᠦᠷᠴᠦ ᠪᠠᠶᠢᠨ᠎ᠠ︔ ᠬᠠᠳᠠᠭᠠᠯᠠᠬᠤ᠂ | ᠪᠠᠷᠠᠭᠠᠨ ᠤ ᠭᠦᠢᠯᠭᠡᠭᠡ ᠶᠢᠨ ᠲᠠᠯ᠎ᠠ ᠪᠠᠷ᠂ ᠮᠠᠨ ᠤ ᠬᠤᠰᠢᠭᠤ ᠬᠠᠳᠠᠭᠠᠯᠠᠬᠤ ᠵᠣᠭᠤᠷᠢ᠂ ᠬᠡᠶ | ᠲᠣᠬᠢᠷᠠᠭᠤᠯᠬᠤ ᠬᠥᠮᠥᠷᠭᠡ ᠵᠡᠷᠭᠡ ᠰᠢᠨ᠎ᠡ ᠰᠣᠷᠭᠤᠭ ᠭᠦᠢᠲᠡᠨ ᠢᠶᠠᠷ ᠬᠠᠳᠠᠭᠠᠯᠠᠬᠤ ᠲᠥᠬᠦᠭᠡᠷᠦᠮᠵᠢ ᠶᠢ | ᠶᠡᠬᠡᠪᠡᠷ ᠬᠥᠭᠵᠢᠭᠦᠯᠵᠦ᠂ ᠦᠢᠯᠡᠳᠬᠦᠨ ᠤ ᠨᠡᠮᠡᠯᠲᠡ ᠥᠷᠲᠡᠭ ᠪᠠ ᠦᠨ᠎ᠡ ᠥᠰᠬᠦ ᠴᠢᠳᠠᠪᠤᠷᠢ ᠶᠢ | ᠳᠡᠭᠡᠭᠰᠢᠯᠡᠭᠦᠯᠪᠡ᠃ ᠣᠳᠣᠬᠠᠨ ᠳᠤ᠂ ᠪᠦᠬᠦ ᠬᠤᠰᠢᠭᠤ ᠪᠠᠷ ᠢᠶᠠᠨ ᠬᠦᠢᠲᠡᠨ ᠢᠶᠠᠷ ᠬᠠᠳᠠᠭᠠᠯᠠᠬᠤ ᠬᠥᠮᠥᠷᠭᠡ ᠶᠢ | ᠨᠡᠶᠢᠲᠡ 87 ᠪᠠᠶᠢᠭᠤᠯᠵᠤ᠂ ᠶᠡᠷᠦᠩᠬᠡᠶ ᠬᠥᠮᠥᠷᠭᠡ ᠶᠢᠨ ᠪᠠᠭᠲᠠᠭᠠᠮᠵᠢ ᠨᠢ 25 ᠲᠦᠮᠡᠨ ᠪᠣᠰᠤᠭ᠎ᠠ ᠳᠥᠷᠪᠡᠯᠵᠢᠨ | ᠮᠧᠲᠷ᠂ ᠬᠥᠮᠥᠷᠭᠡ ᠶᠢᠨ ᠬᠠᠳᠠᠭᠠᠯᠠᠭᠳᠠᠴᠠ ᠶᠢᠨ ᠬᠡᠮᠵᠢᠶ᠎ᠡ ᠨᠢ 16 ᠲᠦᠮᠡᠨ ᠲᠣᠨ ᠳᠤ ᠬᠦᠷᠴᠡᠶ︔ ᠮᠡᠳᠡᠭᠡ | ᠵᠠᠩᠭᠢᠵᠢᠯᠲᠠ ᠶᠢᠨ ᠲᠠᠪᠴᠠᠩ ᠤᠨ ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠬᠤᠰᠢᠭᠤ ᠲᠦᠬᠦᠭᠡᠷᠦᠮᠵᠢᠳᠤ ᠲᠥᠪᠡᠳ | ᠬᠠᠰᠢ ᠶᠢᠨ ᠠᠵᠤ ᠦᠢᠯᠡᠰ ᠤᠨ ᠲᠣᠭᠠᠴᠢᠯᠠᠯᠲᠠ ᠶᠢᠨ ᠠᠬᠢᠴᠠ ᠶᠢ ᠠᠬᠢᠭᠤᠯᠬᠤ ᠶᠢ ᠪᠠᠷᠢᠮᠲᠠᠯᠠᠵᠤ᠂ ᠠᠵᠤ | ᠦᠢᠯᠡᠰ ᠢ ᠪᠠᠷᠢᠮᠵᠢᠶᠠᠵᠢᠭᠤᠯᠬᠤ᠂ ᠳ᠋ᠠᠶᠢᠲ᠋ᠠᠵᠢᠭᠤᠯᠬᠤ᠂ ᠤᠶᠤᠨᠴᠢᠯᠠᠬᠤ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠭᠦᠯᠬᠦ ᠳᠤ ᠬᠦᠴᠦᠨ ᠨᠡᠮᠡᠷᠢᠯᠡᠪᠡ᠃ | ᠤᠯᠠᠭᠠᠨᠬᠠᠳᠠ ᠶᠢᠨ ᠬᠤᠩ ᠹᠦ᠋ ᠣᠳᠣᠬᠢᠴᠢᠯᠠᠭᠰᠠᠨ ᠲᠠᠷᠢᠶᠠᠯᠠᠩ ᠤᠨ ᠠᠵᠤ ᠦᠢᠯᠡᠰ ᠤᠨ | ᠬᠦᠷᠢᠶᠡᠯᠡᠩ ᠨᠢ ᠬᠠᠷᠠᠴᠢᠨ ᠬᠤᠰᠢᠭᠤᠨ ᠤ ᠵᠢᠨᠱᠠᠨ ᠪᠠᠯᠭᠠᠰᠤᠨ ᠤ ᠯᠦᠩᠱᠠᠨ | ᠲᠣᠰᠬᠤᠨ ᠳᠤ ᠪᠠᠶᠢᠷᠢᠯᠠᠵᠤ᠂ ᠲᠥᠷᠥᠯ ᠵᠦᠢᠯ ᠤᠨ ᠶᠡᠷᠦᠩᠬᠡᠶ ᠲᠥᠯᠥᠪᠵᠢᠭᠦᠯᠦᠭᠰᠡᠨ ᠲᠠᠯᠠᠪᠠᠶ ᠨᠢ 3356 | ᠮᠥ ᠳᠤ ᠬᠦᠷᠴᠦ᠂ 50 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ ᠭᠤᠷᠪᠠᠨ | ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠤᠨ᠎ᠠ᠃ ᠲᠥᠷᠥᠯ ᠵᠦᠶ᠋ᠯ ᠤᠨ ᠨᠢᠭᠡᠳᠦᠭᠡᠷ ᠬᠤᠭᠤᠴᠠᠭᠠᠨ ᠤ | ᠲᠥᠯᠥᠪᠵᠢᠭᠦᠯᠭᠡ ᠶᠢᠨ ᠡᠵᠡᠯᠡᠬᠦ ᠲᠠᠯᠠᠪᠠᠶ ᠨᠢ 1256 ᠮᠥ ᠪᠠᠶᠢᠵᠤ᠂ 12 ᠳ᠋ᠦᠩᠰᠢᠭᠤᠷ ᠲᠥᠭᠦᠷᠢᠭ ᠤᠨ ᠪᠠᠯᠠ | ᠣᠷᠣᠭᠤᠯᠵᠤ᠂ 35 ᠲᠦᠮᠡᠨ ᠲᠡᠭᠰᠢ ᠳᠥᠷᠪᠡᠯᠵᠢᠨ ᠮᠧᠲᠷ ᠤᠨ ᠣᠶᠤᠨᠴᠢ ᠬᠤᠯᠪᠣᠯᠳᠤᠭᠰᠠᠨ ᠬᠦᠯᠡᠮᠵᠢ ᠪᠠ 5 | ᠲᠦᠮᠡᠨ ᠲᠡᠭᠰᠢ ᠳᠥᠷᠪᠡᠯᠵᠢᠨ ᠮᠧᠲᠷ ᠤᠨ ᠳᠠᠭᠠᠯᠲᠠ ᠲᠥᠬᠦᠭᠡᠷᠦᠮᠵᠢ ᠶᠢ ᠪᠥᠲᠥᠭᠡᠨ ᠪᠠᠶᠢᠭᠤᠯᠬᠤ ᠪᠠᠷ ᠪᠠᠶᠢᠨ᠎ᠠ᠃ | ᠣᠳᠣᠬᠠᠨ ᠳᠤ᠂ ᠨᠢᠭᠡᠳᠦᠭᠡᠷ ᠬᠤᠭᠤᠴᠠᠭᠠᠨ ᠤ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ | ᠶᠠᠭ ᠡᠮᠬᠢ ᠵᠢᠷᠤᠮ ᠲᠠᠢ ᠠᠬᠢᠭᠤᠯᠵᠤ᠂ 9 ᠰᠠᠷ᠎ᠠ ᠶᠢᠨ 9 ᠤ ᠡᠳᠦᠷ ᠠᠴᠠ ᠡᠬᠢᠯᠡᠨ ᠪᠥᠲᠥᠭᠡᠨ ᠪᠠᠶᠢᠭᠤᠯᠬᠤ ᠪᠠᠷ | ᠲᠥᠯᠥᠪᠯᠡᠵᠦ ᠪᠠᠶᠢᠨ᠎ᠠ᠃ | | | | | | | |