ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠢᠭᠤᠯᠵᠤ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/30
ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠭᠡᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠵᠣᠬᠢᠶᠠᠨ ᠪᠠᠢᠭᠤᠯᠵᠤ ᠬᠤᠷᠠᠯᠳᠤᠭᠤᠯᠪᠠ    8 ᠰᠠᠷ᠎ᠠ ᠶᠢᠨ 29 ᠤ ᠡᠳᠦᠷ᠂ ᠬᠤᠰᠢᠭᠤᠨ ᠤ ᠤᠶᠤᠨ ᠤ ᠪᠣᠯᠪᠠᠰᠤᠨ ᠤ ᠠᠯᠪᠠᠨ ᠬᠡᠷ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠵᠢᠯ ᠳᠤ ᠳᠠᠬᠢᠨ ᠪᠠᠶᠢᠷᠢᠯᠠᠭᠤᠯᠤᠯᠲᠠ ᠬᠢᠵᠦ᠂ ᠪᠤᠯᠪᠠᠰᠤᠨ ᠬᠤᠲᠠ ᠪᠠᠶᠢᠭᠤᠯᠬᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠳᠥᠯᠭᠢᠨ ᠠᠬᠢᠭᠤᠯᠵᠤ᠂ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠢ ᠮᠡᠳᠡᠭᠦᠯᠦᠨ ᠬᠦᠷᠭᠡᠬᠦ ᠠᠵᠢᠯ ᠢ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃    ᠬᠤᠷᠠᠯ ᠳᠡᠭᠡᠷ᠎ᠡ᠂ ᠬᠤᠰᠢᠭᠤᠨ ᠤ ᠣᠶᠤᠨ ᠤ ᠪᠣᠯᠪᠠᠰᠤᠨ ᠤ ᠠᠯᠪᠠᠨ ᠬᠡᠷ ᠤᠨ ᠬᠠᠷᠢᠭᠤᠴᠠᠯᠭᠠᠲᠠᠨ ︽2022 ᠣᠨ ᠤ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢᠨ ᠰᠦᠯᠵᠢᠶᠡᠨ ᠳᠡᠭᠡᠷ᠎ᠡ ᠮᠡᠳᠡᠭᠦᠯᠬᠦ ᠮᠠᠲ᠋ᠧᠷᠢᠶᠠᠯ ᠤᠨ ᠭᠠᠷᠴᠠᠭ︾ ᠢ ᠨᠠᠷᠢᠨ ᠲᠠᠶᠢᠯᠪᠤᠷᠢᠯᠠᠵᠤ᠂ ᠨᠢᠳᠤᠨᠤᠨ ᠤ ᠰᠦᠯᠵᠢᠶᠡᠨ ᠳᠡᠭᠡᠷ᠎ᠡ ᠮᠡᠳᠡᠭᠦᠯᠬᠦ ᠮᠠᠲ᠋ᠧᠷᠢᠶᠠᠯ ᠳᠤ ᠣᠷᠣᠰᠢᠵᠤ ᠪᠠᠶᠢᠭ᠎ᠠ ᠠᠰᠠᠭᠤᠳᠠᠯ ᠳᠤ ᠲᠣᠳᠣᠷᠬᠠᠶᠢᠯᠠᠯᠲᠠ ᠬᠢᠭᠰᠡᠨ ᠪᠥᠭᠡᠳ ᠡᠨᠡ ᠵᠢᠯ ᠤᠨ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠢ ᠰᠠᠶᠢᠲᠤᠷ ᠥᠷᠨᠢᠭᠦᠯᠬᠦ ᠲᠤᠬᠠᠶ ᠬᠠᠨᠳᠤᠯᠭᠠᠲᠤ ᠴᠢᠨᠠᠷᠲᠠᠶ ᠰᠠᠨᠠᠭᠤᠯᠭ᠎ᠠ ᠳᠤᠷᠠᠳᠤᠭᠰᠠᠨ ᠪᠠᠶᠢᠨ᠎ᠠ᠃    ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠣᠯᠭᠤᠭᠰᠠᠨ ᠬᠠᠮᠤᠭ ᠤᠨ ᠳᠡᠭᠡᠳᠦ ᠢᠷᠠᠭᠤ ᠠᠯᠳᠠᠷ ᠮᠥᠨ᠂ ᠣᠶᠤᠨ ᠤ ᠪᠣᠯᠪᠠᠰᠤᠨ ᠢ ᠡᠭᠦᠳᠦᠨ ᠪᠠᠶᠢᠭᠤᠯᠬᠤ ᠳᠤᠮᠳᠠᠬᠢ ᠨᠢᠭᠡᠨ ᠴᠢᠬᠤᠯᠠ ᠠᠵᠢᠯ ᠮᠥᠨ᠂ ᠲᠣᠰ ᠤᠳᠠᠭᠠᠨ ᠤ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠵᠢᠯ ᠨᠢ ᠮᠠᠨ ᠤ ᠬᠤᠰᠢᠭᠤᠨ ᠤ ᠢᠷᠠᠭᠤ ᠠᠯᠳᠠᠷ ᠲᠤ ᠬᠤᠯᠪᠣᠭᠳᠠᠵᠤ᠂ ᠴᠢᠬᠤᠯᠠ ᠴᠢᠨᠠᠷ ᠨᠢ ᠮᠡᠳᠡᠭᠡᠵᠢ ᠶᠢᠨ ᠬᠡᠷᠡᠭ ᠶᠤᠮ᠃ ᠦᠵᠡᠯ ᠰᠠᠨᠠᠭ᠎ᠠ ᠪᠠᠨ ᠨᠢᠭᠡᠳᠬᠡᠬᠦ ᠶᠢ ᠪᠠᠷᠢᠮᠲᠠᠯᠠᠬᠤ ᠬᠡᠷᠡᠭᠲᠡᠶ᠃ ᠡᠯ᠎ᠡ ᠬᠠᠷᠢᠭᠤᠴᠠᠯᠭᠠᠲᠤ ᠨᠢᠭᠡᠴᠡ ᠨᠦᠭᠦᠳ ᠪᠥᠬᠦ ᠲᠠᠯ᠎ᠠ ᠶᠢᠨ ᠳᠡᠭᠡᠳᠦ ᠬᠡᠮᠵᠢᠶᠡᠨ ᠠᠴᠠ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠬᠢᠬᠦ ᠶᠢᠨ ᠲᠦᠢᠯ ᠤᠨ ᠴᠢᠬᠤᠯᠠ ᠴᠢᠨᠠᠷ ᠢ ᠲᠠᠨᠢᠵᠤ᠂ ᠬᠤᠲᠠ ᠡᠭᠦᠳᠦᠨ ᠪᠠᠶᠢᠭᠤᠯᠬᠤ ᠰᠦᠯᠵᠢᠶ᠎ᠡ ᠶᠢᠨ ᠰᠣᠨᠢᠨ ᠤ ᠠᠵᠢᠯ ᠢ ᠪᠤᠰᠤᠳ ᠲᠤᠬᠠᠶᠢᠯᠠᠭᠰᠠᠨ ᠠᠵᠢᠯ ᠲᠠᠢ ᠬᠠᠮᠲᠤ ᠪᠠᠶᠢᠷᠢᠯᠠᠭᠤᠯᠵᠤ᠂ ᠬᠠᠮᠲᠤ ᠳᠣᠭᠢᠷᠠᠭᠤᠯᠤᠨ᠂ ᠬᠠᠮᠲᠤ ᠨᠠᠶᠢᠳᠠᠪᠤᠷᠢᠵᠢᠭᠤᠯᠬᠤ ᠬᠡᠷᠡᠭᠲᠡᠶ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠨᠢᠳᠤᠨᠤᠨ ᠤ ᠰᠦᠯᠵᠢᠶᠡᠨ ᠳᠡᠭᠡᠷ᠎ᠡ ᠮᠡᠳᠡᠭᠦᠯᠦᠭᠰᠡᠨ ᠮᠠᠲ᠋ᠧᠷᠢᠶᠠᠯ ᠤᠨ ᠬᠦᠷᠦᠯᠴᠡᠬᠦ ᠥᠬᠡᠶ ᠲᠠᠯ᠎ᠠ ᠶᠢ ᠭᠦᠨᠵᠡᠭᠡᠶ ᠡᠷᠭᠢᠴᠡᠭᠦᠯᠦᠨ ᠪᠤᠳᠤᠵᠤ᠂ ᠡᠯ᠎ᠡ ᠨᠢᠭᠡᠴᠡ ᠶᠢᠨ ᠡᠭᠦᠷᠭᠡᠯᠡᠵᠦ ᠪᠠᠶᠢᠭ᠎ᠠ ᠡᠭᠦᠷᠭᠡ ᠶᠢ ᠲᠣᠳᠣᠷᠬᠠᠶᠢᠯᠠᠨ᠂ ᠴᠠᠭ ᠤᠨ ᠵᠠᠩᠭᠢᠶᠠᠰᠤ ᠶᠣᠰᠣᠭᠠᠷ ᠮᠠᠲ᠋ᠧᠷᠢᠶᠠᠯ ᠢ ᠴᠤᠭᠯᠠᠭᠤᠯᠤᠨ ᠡᠮᠬᠢᠯᠡᠵᠦ᠂ ᠭᠤᠶᠤᠴᠢᠯᠠᠨ ᠮᠡᠳᠡᠭᠦᠯᠬᠦ ᠮᠠᠲ᠋ᠧᠷᠢᠶᠠᠯ ᠤᠨ ᠵᠢᠷᠤᠮᠵᠢᠯᠳᠤ ᠴᠢᠨᠠᠷ᠂ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ ᠦᠨᠡᠨᠬᠦ ᠪᠠᠲᠤᠯᠠᠬᠤ ᠬᠡᠷᠡᠭᠲᠡᠶ︔ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠶ᠃    ᠬᠤᠷᠠᠯ ᠠᠴᠠ ᠪᠠᠰᠠ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢ ᠰᠦᠯᠵᠢᠶᠡᠨ ᠳᠡᠭᠡᠷ᠎ᠡ ᠮᠡᠳᠡᠭᠦᠯᠬᠦ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠶ᠃

 

 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号