ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠤ ᠨᠡᠪᠲᠡᠷᠡᠭᠦᠯᠭᠡ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠠᠬᠢᠭᠤᠯᠬᠤ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠠᠵᠢᠯ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2022/8/31
ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠤ ᠨᠡᠪᠲᠡᠷᠡᠭᠦᠯᠭᠡ᠂ ᠠᠶᠤᠯᠭᠦᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠠᠬᠢᠭᠤᠯᠬᠤ ᠳᠤᠭᠤᠶᠢᠯᠠᠩ ᠮᠠᠨ ᠤ ᠬᠤᠰᠢᠭᠤᠨ ᠳᠤ ᠬᠦᠷᠴᠦ ᠠᠵᠢᠯ ᠪᠠᠶᠢᠴᠠᠭᠠᠨ ᠵᠢᠯᠣᠭᠤᠳᠪᠠ    8 ᠰᠠᠷ᠎ᠠ ᠶᠢᠨ 30 ᠤ ᠦᠳᠡ ᠶᠢᠨ ᠬᠤᠶᠢᠨ᠎ᠠ᠂ ᠪᠥᠬᠦ ᠣᠷᠣᠨ ᠤ ᠷᠠᠳᠢᠣ᠋ ᠲᠧᠯᠸᠢᠰ ᠤᠨ ᠠᠵᠢᠯ ᠲᠥᠷᠥᠯ ᠤᠨ ᠠᠮᠤᠷ ᠲᠦᠪᠰᠢᠨ ᠤ ᠨᠡᠪᠲᠡᠷᠡᠭᠦᠯᠭᠡ᠂ ᠠᠶᠤᠯ ᠥᠬᠡᠶ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠵᠢᠴᠢ ᠭᠤᠤᠯᠳᠠᠯᠭ᠎ᠠ ᠲᠠᠢ ᠠᠷᠠᠳ ᠲᠤ ᠠᠰᠢᠭ ᠬᠦᠷᠲᠡᠭᠡᠬᠦ ᠢᠨᠵᠧᠨᠧᠷᠢᠩ᠂ ᠭᠤᠤᠯᠳᠠᠯᠭ᠎ᠠ ᠲᠠᠢ ᠲᠥᠷᠥᠯ ᠵᠦᠢᠯ ᠤᠨ ᠲᠣᠪᠴᠢᠶ᠎ᠠ ᠶᠢᠨ ᠤᠳᠤᠷᠢᠳᠤᠯᠭ᠎ᠠ ᠨᠠᠷ ᠲᠠᠪᠤᠳᠠᠬᠢ ᠳᠠᠭᠠᠭᠠᠴᠢᠯᠠᠨ ᠬᠤᠯᠪᠣᠭᠠᠯᠠᠬᠤ ᠶᠢ ᠠᠬᠢᠭᠤᠯᠬᠤ ᠳᠤᠭᠤᠶᠢᠯᠠᠩ ᠤᠨ ᠬᠤᠶᠠᠳᠤᠭᠠᠷ ᠳᠤᠭᠤᠶᠢᠯᠠᠩ ᠤᠨ ᠳᠠᠷᠤᠭ᠎ᠠ ᠯᠢᠦ ᡁᠢ ᠬᠤᠸᠠ ᠨᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠳᠤ ᠬᠦᠷᠴᠦ ᠠᠵᠢᠯ ᠢ ᠪᠠᠶᠢᠴᠠᠭᠠᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠬᠠᠮᠢᠶ᠎ᠠ ᠪᠦᠬᠦᠢ ᠤᠳᠤᠷᠢᠳᠤᠯᠭ᠎ᠠ ᠪᠠᠷ᠎ᠠ ᠪᠣᠯᠵᠤ ᠪᠠᠶᠢᠴᠠᠭᠠᠪᠠ᠃    ᠲᠤᠬᠠᠢ ᠤᠨ ᠲᠠᠯᠠᠪᠠᠶ ᠶᠢᠨ ᠪᠠᠶᠢᠴᠠᠭᠠᠯᠲᠠ ᠳᠤ᠂ ᠠᠬᠢᠭᠤᠯᠬᠤ ᠳᠤᠭᠤᠶᠢᠯᠠᠩ ᠤᠨ ᠬᠢᠨ ᠬᠠᠮᠢᠶ᠎ᠠ ᠪᠥᠬᠦᠶ ᠨᠢᠭᠡᠴᠢ ᠶᠢᠨ ᠵᠢᠵᠢᠭᠦᠷᠯᠡᠨ ᠰᠠᠬᠢᠵᠤ ᠪᠠᠶᠢᠭ᠎ᠠ ᠪᠠᠶᠢᠳᠠᠯ᠂ ᠮᠠᠰᠢᠨ ᠤ ᠲᠠᠰᠤᠭ ᠤᠨ ᠬᠠᠮᠢᠶᠠᠷᠤᠯᠲᠠ᠂ ᠳᠣᠬᠢᠶ᠎ᠠ ᠳᠠᠮᠵᠢᠭᠤᠯᠬᠤ᠂ ᠴᠠᠬᠢᠯᠭᠠᠨ ᠬᠦᠴᠦᠨ ᠤ ᠪᠠᠲᠤᠯᠠᠭ᠎ᠠ᠂ ᠭᠠᠯ ᠤᠨᠲᠠᠷᠠᠭᠠᠬᠤ ᠲᠥᠬᠦᠭᠡᠷᠦᠮᠵᠢ ᠵᠡᠷᠭᠡ ᠲᠠᠯ᠎ᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ ᠢ ᠨᠠᠷᠢᠨ ᠠᠰᠠᠭᠤᠵᠤ᠂ ᠲᠦᠷᠢᠮ ᠤᠨ ᠪᠠᠶᠢᠭᠤᠯᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭᠠᠨ ᠤ ᠶᠠᠪᠤᠴᠠ ᠵᠡᠷᠭᠡ ᠡᠯ᠎ᠡ ᠵᠦᠢᠯ ᠤᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠨᠠᠷᠢᠨ ᠪᠠᠶᠢᠴᠠᠭᠠᠨ ᠦᠵᠡᠪᠡ᠃    ᠬᠤᠰᠢᠭᠤᠨ ᠤ ᠬᠠᠮ ᠵᠠᠭᠤᠴᠢᠯᠠᠭᠤᠷ ᠤᠨ ᠲᠥᠪ ᠪᠣᠯᠤᠨ ᠬᠤᠰᠢᠭᠤᠨ ᠤ ᠷᠠᠳᠢᠣ᠋ ᠲᠧᠯᠸᠢᠰ ᠤᠨ ᠰᠦᠯᠵᠢᠶᠡᠨ ᠤ ᠺᠣᠮᠫᠠᠨᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠬᠠᠮᠢᠶ᠎ᠠ ᠪᠦᠬᠦᠢ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠠᠬᠢᠭᠤᠯᠬᠤ ᠳᠤᠭᠤᠶᠢᠯᠠᠩ ᠤᠨ ᠬᠢᠨ ᠬᠤᠶᠠᠷ ᠨᠢᠭᠡᠴᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠢ ᠨᠤᠲᠠᠯᠠᠵᠤ ᠪᠠᠶᠢᠬᠤ ᠪᠠᠨ ᠢᠯᠡᠳᠬᠡᠵᠦ᠂ ᠪᠠᠰᠠ ᠵᠢᠭᠠᠵᠤ ᠭᠠᠷᠭᠠᠭᠰᠠᠨ ᠨᠢ ᠂ ᠠᠮᠤᠷ ᠲᠦᠪᠰᠢᠨ ᠢᠶᠠᠷ ᠨᠡᠪᠲᠡᠷᠡᠭᠦᠯᠬᠦ ᠪᠣᠯ ᠷᠠᠳᠢᠣ᠋ ᠲᠧᠯᠸᠢᠰ ᠤᠨ ᠠᠵᠢᠯ ᠤᠨ ᠠᠮᠢᠨ ᠰᠤᠳᠠᠰᠤ ᠮᠥᠨ᠂ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠡᠮᠦᠨ᠎ᠡ ᠨᠢᠭᠡ ᠬᠤᠭᠤᠴᠠᠭᠠᠨ ᠤ ᠥᠪᠡᠷᠲᠡᠭᠡᠨ ᠵᠠᠰᠠᠬᠤ ᠣᠷᠣᠨ ᠤ ᠠᠶᠤᠯᠭᠦᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠳᠤ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠨᠠᠷᠢᠯᠢᠬᠵᠢᠭᠤᠯᠵᠤ᠂ ᠬᠠᠮᠢᠶ᠎ᠠ ᠪᠥᠬᠦᠶ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ᠂ ᠠᠰᠠᠭᠤᠳᠠᠯ ᠢ ᠡᠬᠢ ᠡᠭᠦᠰᠦᠯ ᠠᠴᠠ ᠨᠢ ᠦᠨᠡᠨᠬᠦ ᠰᠢᠢᠳᠪᠦᠷᠢᠯᠡᠵᠦ ᠂ ᠠᠮᠤᠷ ᠲᠦᠪᠰᠢᠨ ᠢᠶᠠᠷ ᠨᠡᠪᠲᠡᠷᠡᠭᠦᠯᠬᠦ ᠠᠵᠢᠯ ᠢ ᠬᠢᠨᠠᠮᠠᠭᠠᠶ ᠰᠠᠶᠢᠲᠤᠷ ᠬᠢᠵᠦ᠂ ᠷᠠᠳᠢᠣ᠋ ᠲᠧᠯᠸᠢᠰ ᠤᠨ ᠪᠡᠯᠡᠳᠬᠡᠮᠵᠢ ᠶᠢ ᠬᠠᠮᠠᠭᠠᠯᠠᠬᠤ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号