ᠭᠦᠨ ᠵᠤᠵᠠᠭᠠᠨ ᠬᠠᠶᠢᠷ᠎ᠠ ᠰᠡᠳᠬᠢᠯᠭᠡ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ︕ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ︽8.1︾ ᠤ ᠲᠣᠬᠤᠨᠢᠭᠤᠯᠤᠯ ᠬᠠᠯᠠᠮᠵᠢᠯᠠᠯ ᠬᠦᠷᠭᠡᠪᠡ
ᠨᠡᠶᠢᠲᠡᠯᠡᠭᠰᠡᠨ ᠴᠠᠭ᠄
2022/8/5
ᠭᠦᠨ ᠵᠤᠵᠠᠭᠠᠨ ᠬᠠᠶᠢᠷ᠎ᠠ ᠰᠡᠳᠬᠢᠯᠭᠡ ᠬᠥᠮᠦᠨ ᠤ ᠰᠡᠳᠬᠢᠯ ᠢ ᠳᠤᠯᠠᠭᠠᠴᠠᠭᠤᠯᠤᠨ᠎ᠠ︕ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ︽8.1︾ ᠤ ᠲᠣᠬᠤᠨᠢᠭᠤᠯᠤᠯ ᠬᠠᠯᠠᠮᠵᠢᠯᠠᠯ ᠬᠦᠷᠭᠡᠪᠡ    8 ᠰᠠᠷ᠎ᠠ ᠶᠢᠨ 1 ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠠᠷᠠᠴᠢᠨ  ᠳᠤ ᠰᠠᠭᠤᠭ᠎ᠠ ᠠᠭᠠᠷ ᠤᠨ ᠴᠡᠷᠢᠭ ᠤᠨ ᠨᠢᠭᠡᠨ ᠴᠡᠷᠢᠭ ᠠᠩᠭᠢ ᠶᠢ ᠲᠣᠬᠤᠨᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠵᠢᠴᠢ ᠪᠦᠭᠦ ᠬᠤᠰᠢᠭᠤᠨ ᠤ  ᠡᠯ᠎ᠡ ᠦᠨᠳᠦᠰᠦᠲᠡᠨ  ᠤ ᠠᠷᠠᠳ ᠲᠦᠮᠡᠨ ᠢ ᠲᠥᠯᠥᠭᠡᠯᠡᠨ ᠬᠠᠷᠠᠴᠢᠨ ᠳᠤ ᠰᠠᠭᠤᠭ᠎ᠠ ᠴᠡᠷᠢᠭ ᠠᠩᠭᠢ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠴᠢᠩ ᠰᠡᠳᠬᠢᠯ ᠤᠨ ᠲᠣᠬᠤᠨᠢᠭᠤᠯᠤᠯ ᠬᠦᠷᠭᠡᠭᠰᠡᠨ ᠪᠥᠭᠡᠳ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠵᠡᠶ᠃ ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠪᠠᠷ᠎ᠠ ᠪᠣᠯᠪᠠ᠃    ᠡᠷᠬᠢᠨ ᠦᠵᠡᠵᠦ ᠲᠣᠬᠣᠨᠢᠭᠤᠯᠬᠤ ᠳᠠᠭᠠᠨ ᠂ ᠹᠠᠩ ᠷᠦᠢ ᠬᠠᠷᠠᠴᠢᠨ ᠳᠤ ᠰᠠᠭᠤᠭ᠎ᠠ ᠭᠠᠵᠠᠷ ᠤᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠤᠨ ᠠᠵᠢᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ ᠂ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢᠳ ᠤᠨ ᠲᠤᠬᠠᠶᠢᠯᠠᠭᠰᠠᠨ ᠠᠵᠢᠯ ᠢᠶᠠᠨ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠬᠠᠮᠲᠤ ᠂ ᠣᠷᠣᠨ ᠨᠤᠲᠤᠭ ᠤᠨ ᠠᠵᠤ ᠠᠬᠤᠶ ᠶᠢᠨ ᠬᠥᠭᠵᠢᠯᠲᠡ ᠂ ᠨᠡᠶᠢᠭᠡᠮ ᠦᠨ ᠡᠶ᠎ᠡ ᠵᠣᠬᠢᠴᠠᠩᠭᠤᠶ ᠲᠣᠭᠲᠠᠭᠤᠨ ᠳᠤ ᠢᠳᠡᠪᠬᠢᠲᠡᠶ ᠬᠤᠪᠢ ᠨᠡᠮᠡᠷᠢ ᠦᠵᠡᠭᠦᠯᠦᠭᠰᠡᠨ ᠳᠦ ᠲᠠᠯᠠᠷᠬᠠᠵᠤ ᠪᠠᠶᠢᠬᠤ ᠪᠠᠨ ᠢᠯᠡᠳᠬᠡᠪᠡ᠃ ᠹᠠᠩ ᠷᠦᠢ ᠢᠯᠡᠷᠬᠡᠶᠢᠯᠡᠬᠦ ᠳᠡᠭᠡᠨ ᠂ ᠬᠣᠰᠢᠭᠤᠨ ᠤ ᠨᠠᠮ ᠤᠨ ᠬᠣᠷᠢᠶ᠎ᠠ ᠂ ᠵᠠᠰᠠᠭ ᠤᠨ ᠣᠷᠳᠣᠨ ᠥᠩᠭᠡᠷᠡᠭᠰᠡᠨ ᠲᠡᠶ ᠪᠡᠨ ᠠᠳᠠᠯᠢ ᠪᠠᠷ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ ᠂ ᠴᠡᠷᠢᠭ ᠢᠶᠡᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠡᠯ᠎ᠡ ᠵᠦᠶᠯ ᠦᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠤᠨ ᠂ ᠴᠡᠷᠢᠭ ᠢᠶᠡᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠢᠷᠠᠭᠤ ᠠᠯᠳᠠᠷᠲᠤ ᠤᠯᠠᠮᠵᠢᠯᠠᠯ ᠢ ᠶᠡᠬᠡ ᠪᠡᠷ ᠪᠠᠳᠠᠷᠠᠭᠤᠯᠵᠤ ᠂ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠪᠠ ᠳᠠᠷᠤᠭ᠎ᠠ ᠪᠠᠶᠢᠯᠳᠤᠭᠴᠢᠳ ᠤᠨ ᠠᠮᠢᠳᠤᠷᠠᠯ ᠤᠨ ᠲᠠᠯ᠎ᠠ ᠶᠢᠨ ᠪᠣᠳᠠᠲᠠᠶ ᠬᠦᠴᠢᠷᠳᠡᠯ ᠢ ᠨᠢ ᠢᠳᠡᠪᠬᠢᠲᠡᠶ ᠬᠠᠪᠰᠤᠷᠤᠨ ᠰᠢᠶᠳᠪᠦᠷᠢᠯᠡᠵᠦ ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠦᠨ ᠶᠡᠬᠡ ᠰᠠᠶᠢᠨ ᠪᠠᠶᠢᠳᠠᠯ ᠢ ᠲᠠᠰᠤᠷᠠᠯᠲᠠ ᠥᠬᠡᠶ ᠪᠡᠬᠢᠵᠢᠭᠦᠯᠦᠨ ᠬᠥᠭᠵᠢᠭᠦᠯᠦᠨ᠎ᠡ ᠭᠡᠵᠡᠶ᠃    ᠹᠠᠩ ᠷᠦᠢ ᠴᠢᠬᠤᠯᠠᠴᠢᠯᠠᠭᠰᠠᠨ ᠨᠢ᠂ ᠤᠯᠠᠨ ᠵᠢᠯ ᠤᠨ ᠲᠤᠷᠰᠢ᠂ ᠬᠠᠷᠠᠴᠢᠨ ᠳᠤ ᠰᠠᠭᠤᠭ᠎ᠠ ᠴᠡᠷᠢᠭ ᠠᠩᠬᠢ ᠣᠷᠣᠨ ᠨᠤᠲᠤᠭ ᠤᠨ ᠠᠶᠤᠯ ᠭᠠᠮᠰᠢᠭ ᠠᠴᠠ ᠠᠪᠤᠷᠠᠬᠤ᠂ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ᠂ ᠶᠠᠳᠠᠭᠤ ᠶᠢ ᠲᠡᠳᠬᠦᠵᠦ ᠬᠦᠴᠢᠷᠳᠡᠯ ᠢ ᠲᠤᠰᠠᠯᠠᠬᠤ᠂ ᠰᠤᠷᠤᠯᠭ᠎ᠠ ᠶᠢ ᠲᠡᠳᠬᠦᠵᠦ ᠰᠤᠷᠭᠠᠨ ᠬᠥᠮᠦᠵᠢᠯ ᠢ ᠬᠥᠭᠵᠢᠭᠦᠯᠬᠦ᠂ ᠡᠮ ᠡᠮᠨᠡᠯᠭᠡ ᠶᠢᠨ ᠲᠡᠳᠬᠦᠮᠵᠢ᠂ ᠪᠣᠯᠪᠠᠰᠤᠨ ᠢ ᠡᠭᠦᠳᠦᠨ ᠪᠠᠶᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠳᠡᠮᠵᠢᠭᠰᠡᠨ ᠪᠥᠭᠡᠳ ᠢᠳᠡᠪᠬᠢᠲᠡᠢ ᠣᠷᠣᠯᠴᠠᠵᠤ᠂ ᠠᠷᠠᠳ ᠤᠨ ᠴᠡᠷᠢᠭ ᠠᠩᠬᠢ ᠶᠢᠨ ᠪᠠᠭᠠᠲᠤᠷᠯᠢᠭ ᠤᠤᠷ ᠴᠢᠨᠠᠷ ᠪᠣᠯᠤᠨ ᠠᠷᠠᠳ ᠤᠨ ᠲᠥᠯᠥᠭᠡ ᠠᠷᠠᠳ ᠢᠶᠠᠨ ᠬᠠᠶᠢᠷᠠᠯᠠᠬᠤ ᠰᠠᠶᠢᠨ ᠰᠠᠶᠢᠬᠠᠨ ᠲᠦᠷᠢ ᠲᠥᠷᠬᠦ ᠶᠢ ᠭᠦᠢᠴᠡᠳ ᠢᠯᠡᠷᠡᠭᠦᠯᠦᠭᠰᠡᠨ ᠪᠠᠶᠢᠨ᠎ᠠ᠃ ᠪᠦᠬᠦ ᠬᠤᠰᠢᠭᠤᠨ ᠤ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠦᠷᠭᠦᠯᠵᠢᠯᠡᠨ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠪᠠ ᠴᠡᠷᠢᠭ ᠠᠩᠭᠢ ᠶᠢᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠴᠡᠷᠢᠭ ᠠᠷᠠᠳ ᠤᠨ ᠬᠡᠷᠡᠭᠯᠡᠭᠡ ᠶᠢ ᠭᠦᠨᠵᠡᠭᠡᠶ ᠠᠭᠤᠰᠤᠯᠴᠠᠭᠤᠯᠤᠨ ᠬᠥᠭᠵᠢᠭᠦᠯᠬᠦ ᠶᠢ ᠦᠷᠭᠦᠯᠵᠢᠯᠡᠨ ᠠᠬᠢᠭᠤᠯᠵᠤ᠂ ᠴᠡᠷᠢᠭ ᠢᠶᠠᠨ ᠬᠦᠷᠢᠶᠡᠯᠡᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠬᠠᠷᠠᠴᠢᠨ ᠳᠤ ᠰᠠᠭᠤᠭ᠎ᠠ ᠳᠠᠷᠤᠭ᠎ᠠ ᠪᠠᠶᠢᠯᠳᠤᠭᠴᠢᠳ ᠲᠤ ᠨᠠᠩ ᠰᠠᠶᠢᠨ ᠠᠵᠢᠯ ᠤᠨ ᠣᠷᠴᠢᠨ ᠲᠣᠭᠤᠷᠢᠨ ᠪᠠ ᠠᠮᠢᠳᠤᠷᠠᠯ ᠤᠨ ᠨᠥᠬᠦᠴᠡᠯ ᠢ ᠪᠥᠬᠦ ᠬᠦᠴᠦᠨ ᠢᠶᠠᠷ ᠢᠶᠠᠨ ᠡᠭᠦᠳᠦᠨ ᠥᠭᠴᠦ᠂ ᠰᠢᠨ᠎ᠡ ᠴᠠᠭ ᠦᠶ᠎ᠡ ᠶᠢᠨ ᠬᠠᠷᠠᠴᠢᠨ ᠬᠤᠰᠢᠭᠤᠨ ᠤ ᠬᠤᠶᠠᠷ ᠢ ᠬᠦᠷᠢᠶᠡᠯᠡᠬᠦ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠤᠨ᠎ᠠ᠃  
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号