ᠬᠤᠰᠢᠭᠤᠨ ᠳᠠᠷᠤᠭ᠎ᠠ ᠵᠣᠣ ᠶᠠᠨ ᠬᠤᠩ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠲᠣᠭᠤᠷᠢᠨ ᠦᠵᠡᠬᠦ | ᠵᠠᠮ ᠱᠤᠭᠤᠮ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ | 8 ᠰᠠᠷ᠎ᠠ ᠶᠢᠨ 2 ᠤᠨ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠨᠠᠮ ᠤᠨ ᠬᠤᠷᠢᠶᠠᠨ ᠤ | ᠳᠡᠳ᠋ ᠱᠦᠵᠢ᠂ ᠬᠤᠰᠢᠭᠤᠨ ᠳᠠᠷᠤᠭ᠎ᠠ ᠵᠣᠤ ᠶᠠᠨ ᠬᠤᠩ ᠪᠦᠭᠦ ᠬᠤᠲᠠ ᠶᠢᠨ ᠵᠢᠭᠤᠯᠴᠢᠯᠠᠯ ᠤᠨ | ᠬᠥᠭᠵᠢᠯᠲᠡ ᠶᠢᠨ ᠶᠡᠭᠡ ᠬᠤᠷᠠᠯ ᠳᠤ ᠣᠷᠣᠯᠴᠠᠭᠰᠠᠨ ᠮᠠᠨ ᠤ ᠬᠤᠰᠢᠭᠤᠨ ᠤ ᠲᠣᠭᠤᠷᠢᠨ ᠦᠵᠡᠬᠦ ᠭᠠᠵᠠᠷ ᠪᠠ ᠵᠠᠮ | ᠱᠤᠭᠤᠮ ᠤᠨ ᠲᠤᠬᠠᠶ ᠲᠤᠬᠠᠶ ᠶᠢᠨ ᠭᠠᠵᠠᠷ ᠲᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ | ᠳᠡᠳ᠋ ᠬᠤᠰᠢᠭᠤᠨ ᠳᠠᠷᠤᠭ᠎ᠠ ᠢ ᠰᠢᠤ ᠴᠢᠣᠸᠠᠨ ᠵᠢᠴᠢ ᠬᠤᠯᠪᠣᠭᠳᠠᠯ ᠪᠦᠭᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠨᠥᠬᠦᠳ ᠪᠠᠷ᠎ᠠ ᠪᠣᠯᠪᠠ᠃ | ᠵᠣᠣ ᠶᠠᠨ ᠬᠤᠩ ᠶᠠᠪᠤᠬᠤ ᠶᠢᠨ ᠳᠠᠭᠠᠤ ᠦᠵᠡᠵᠦ᠂ ᠰᠣᠨᠣᠰᠬᠤ ᠶᠢᠨ ᠳᠠᠭᠠᠤ ᠠᠰᠠᠭᠤᠵᠤ᠂ ᠤᠷᠢᠳ ᠬᠤᠵᠢᠳ | ᠮᠠᠨ ᠤ ᠬᠤᠰᠢᠭᠤ ᠪᠣᠯᠤᠨ ᠨᠢᠩᠴᠧᠩ ᠰᠢᠶᠠᠨ ᠤ ᠠᠭᠤᠯᠵᠠᠷ ᠭᠠᠵᠠᠷ᠂ S505 ᠵᠠᠮ ᠠᠷᠠᠴᠢᠯᠠᠨ ᠬᠠᠮᠠᠭᠠᠯᠠᠬᠤ | ᠠᠵᠢᠯ ᠤᠨ ᠲᠤᠬᠠᠶ ᠶᠢᠨ ᠲᠠᠯᠠᠪᠠᠶ᠂ ᠮᠡᠢᠷᠡᠨ ᠪᠠᠯᠭᠠᠰᠤᠨ ᠤ ᠰᠢᠨ ᠳ᠋ᠢᠶᠠᠨ ᠲᠣᠰᠬᠤᠨ᠂ | ᠸᠠᠨᠽᠢ ᠲᠠᠯᠠᠪᠠᠶ ᠪᠣᠯᠤᠨ ᠮᠧᠶ ᠯᠢᠨ ᠬᠥ᠋ ᠶᠢᠨ ᠴᠠᠰᠤᠨ ᠳᠤ ᠭᠤᠯᠭᠤᠬᠤ ᠲᠠᠯᠠᠪᠠᠶ ᠵᠡᠷᠭᠡ ᠭᠠᠵᠠᠷ ᠢᠶᠠᠷ | ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠡᠶ᠃ ᠬᠦᠷᠦᠭᠰᠡᠨ ᠭᠠᠵᠠᠷ ᠪᠣᠯᠭᠠᠨ ᠳᠤ᠂ ᠵᠤᠤ ᠶᠠᠨ ᠬᠤᠩ ᠬᠠᠮᠢᠶ᠎ᠠ | ᠪᠦᠬᠦᠢ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠲᠦᠷᠦᠯ ᠵᠦᠢᠯ ᠤᠨ ᠲᠥᠯᠥᠪᠵᠢᠭᠦᠯᠭᠡ᠂ ᠰᠠᠭᠤᠷᠢ | ᠲᠥᠬᠦᠭᠡᠷᠦᠮᠵᠢ᠂ ᠦᠵᠡᠮᠵᠢ ᠶᠢᠨ ᠴᠣᠭᠴᠠᠯᠠᠯᠲᠠ᠂ ᠵᠠᠮ ᠬᠠᠷᠢᠯᠴᠠᠭ᠎ᠠ ᠶᠢ ᠲᠡᠰ ᠳᠡᠪᠰᠢᠭᠦᠯᠬᠦ ᠵᠡᠷᠭᠡ ᠪᠡᠯᠡᠳᠬᠡᠯ | ᠠᠵᠢᠯ ᠤᠨ ᠪᠠᠶᠢᠳᠠᠯ ᠢ ᠨᠠᠷᠢᠨ ᠠᠰᠠᠭᠤᠨ ᠯᠠᠪᠯᠠᠬᠤ ᠶᠢᠨ ᠬᠠᠮᠲᠤ ᠬᠠᠮᠢᠶ᠎ᠠ ᠪᠦᠬᠦᠢ ᠠᠵᠢᠯ ᠢ ᠵᠢᠭᠠᠨ ᠵᠢᠯᠣᠭᠤᠳᠪᠠ᠃ | ᠵᠣᠣ ᠶᠠᠨ ᠬᠤᠩ ᠵᠢᠭᠠᠵᠤ ᠭᠠᠷᠭᠠᠭᠰᠠᠨ ᠨᠢ᠂ ᠵᠢᠭᠤᠯᠴᠢᠯᠠᠯ ᠤᠨ ᠬᠥᠭᠵᠢᠭᠦᠯᠦᠯᠲᠡ ᠶᠢᠨ ᠶᠡᠭᠡ ᠬᠤᠷᠠᠯ ᠪᠣᠯ ︽ | ᠵᠢᠭᠤᠯᠴᠢᠯᠠᠯ ᠢ ᠠᠮᠢᠳᠤᠯᠢᠭ ᠪᠣᠯᠭᠠᠬᠤ᠂ ᠠᠵᠤ ᠦᠢᠯᠡᠰ ᠢ ᠲᠥᠪᠯᠡᠷᠡᠭᠦᠯᠬᠦ᠂ ᠪᠦᠲᠦᠴᠡ ᠶᠢ ᠳᠣᠭᠢᠷᠠᠭᠤᠯᠬᠤ | ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ︾ ᠴᠢᠬᠤᠯᠠ ᠠᠷᠭ᠎ᠠ ᠵᠠᠮ ᠮᠥᠨ᠂ ᠵᠢᠭᠤᠯᠴᠢᠯᠠᠯ ᠤᠨ | ᠬᠥᠭᠵᠢᠭᠦᠯᠦᠯᠲᠡ ᠶᠢᠨ ᠶᠡᠭᠡ ᠬᠤᠷᠠᠯ ᠢ ᠳᠠᠭᠠᠭᠠᠨ ᠡᠷᠭᠢᠯᠡᠬᠦ ᠨᠢ ᠮᠠᠨ ᠤ ᠬᠤᠰᠢᠭᠤᠨ ᠤ ᠤᠯᠤᠰ ᠤᠨ ᠪᠥᠬᠦ | ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠳᠤ ᠲᠦᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ︽ᠵᠢᠭᠤᠯᠴᠢᠯᠠᠯ ᠤᠨ ᠬᠥᠭᠵᠢᠯᠲᠡ ᠶᠢ | ᠤᠭᠲᠤᠬᠤ᠂ ᠵᠢᠭᠤᠯᠴᠢᠯᠠᠯ ᠤᠨ ᠬᠥᠭᠵᠢᠯᠲᠡ ᠶᠢ ᠡᠷᠭᠢᠯᠡᠬᠦ︾ ᠪᠠᠷ ᠴᠢᠬᠤᠯᠠ ᠭᠠᠷᠳᠠᠴᠠ ᠪᠣᠯᠭᠠᠵᠤ᠂ ︽ᠰᠢᠨ᠎ᠡ | ᠬᠠᠷᠠᠴᠢᠨ᠂ ᠡᠷᠡᠭᠦᠯ ᠡᠩᠬᠡ ᠠᠮᠢ ᠠᠬᠤᠶ ᠶᠢᠨ ᠵᠢᠭᠤᠯᠴᠢᠯᠠᠯ︾ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢᠨ | ᠲᠣᠭᠤᠷᠢᠨ ᠳᠤ᠂ ᠵᠢᠭᠤᠯᠴᠢᠯᠠᠯ ᠤᠨ ᠬᠥᠭᠵᠢᠯᠲᠡ ᠶᠢᠨ ᠶᠡᠭᠡ ᠬᠤᠷᠠᠯ ᠤᠨ ᠮᠠᠨ ᠤ ᠬᠤᠰᠢᠭᠤᠨ ᠤ ᠦᠵᠡᠭᠦᠯᠦᠯᠭᠡ ᠶᠢᠨ | ᠴᠡᠭ ᠲᠠᠬᠢ ᠡᠯ᠎ᠡ ᠵᠦᠢᠯ ᠤᠨ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠥᠬᠦ | ᠬᠤᠰᠢᠭᠤᠨ ᠤ ᠵᠢᠭᠤᠯᠴᠢᠯᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠪᠠ | ᠪᠥᠬᠦ ᠣᠷᠣᠨ ᠪᠦᠰᠡ ᠶᠢᠨ ᠵᠢᠭᠤᠯᠴᠢᠯᠠᠯ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ᠃ | ᠵᠤᠤ ᠶᠠᠨ ᠬᠤᠩ ᠴᠢᠬᠤᠯᠠᠴᠢᠯᠠᠭᠰᠠᠨ ᠨᠢ ᠂ ᠵᠤᠭᠠᠴᠠᠯ ᠤᠨ ᠦᠢᠯᠡᠰ ᠤᠨ | ᠬᠥᠭᠵᠢᠭᠦᠯᠦᠯᠲᠡ ᠶᠢᠨ ᠶᠡᠭᠡ ᠬᠤᠷᠠᠯ ᠤᠳᠠᠯ ᠦᠭᠡᠢ ᠬᠤᠷᠠᠯᠳᠤᠬᠤ ᠭᠡᠵᠦ ᠪᠠᠢᠵᠤ ᠂ ᠡᠯ᠎ᠡ ᠬᠤᠯᠪᠣᠭᠳᠠᠯ | ᠪᠦᠬᠦᠢ ᠰᠠᠯᠠᠭ᠎ᠠ ᠮᠥᠴᠢᠷ ᠪᠣᠯᠤᠨ ᠬᠤᠯᠪᠣᠭᠳᠠᠯ ᠪᠦᠬᠦᠢ ᠰᠢᠶᠠᠩ ᠪᠠᠯᠭᠠᠰᠤ ᠡᠯ᠎ᠡ ᠵᠠᠩᠭᠢᠯᠠᠭ᠎ᠠ ᠶᠢᠨ ᠭᠤᠭᠴᠤᠭ᠎ᠠ ᠶᠢ | ᠦᠨᠡᠨᠬᠦ ᠰᠠᠶᠢᠲᠤᠷ ᠡᠷᠬᠢᠯᠡᠵᠦ᠂ ᠠᠵᠢᠯᠯᠠᠭ᠎ᠠ ᠶᠢᠨ ᠲᠠᠯ᠎ᠠ ᠪᠠᠷ ᠪᠠᠷᠢᠮᠵᠢᠶ᠎ᠠ ᠶᠢ ᠳᠡᠭᠡᠭᠰᠢᠯᠡᠭᠦᠯᠦᠨ ᠬᠤᠷᠳᠤᠴᠠ ᠶᠢ | ᠳᠡᠭᠡᠭᠰᠢᠯᠡᠭᠦᠯᠵᠦ᠂ ᠪᠠᠲᠤᠯᠠᠭ᠎ᠠ ᠶᠢᠨ ᠲᠠᠯ᠎ᠠ ᠪᠠᠷ ᠨᠢᠭᠲᠠ ᠠᠴᠠ ᠨᠢᠭᠲᠠ ᠪᠠᠶᠢᠵᠤ ᠡᠯ᠎ᠡ ᠵᠦᠢᠯ ᠤᠨ ᠪᠡᠯᠡᠳᠬᠡᠯ | ᠠᠵᠢᠯ ᠤᠨ ᠤᠷᠤᠭᠰᠢᠲᠠᠢ ᠶᠠᠪᠤᠭᠳᠠᠬᠤ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | |