ᠬᠠᠷᠠᠴᠢᠨ ᠬᠤᠰᠢᠭᠤᠨ ᠤ ᠵᠠᠰᠠᠭ ᠤᠨ ᠣᠷᠳᠣᠨ ᠬᠢᠭᠡᠳ ᠪᠡᠭᠡᠵᠢᠩ ᠤᠨ ᠪᠢ ᠱᠦᠶ ᠶᠤᠸᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ | 8 ᠰᠠᠷ᠎ᠠ ᠶᠢᠨ 5 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠵᠠᠰᠠᠭ ᠤᠨ ᠣᠷᠳᠣᠨ ᠪᠣᠯᠤᠨ | ᠪᠡᠭᠡᠵᠢᠩ ᠤᠨ ᠪᠢ ᠱᠦᠶ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ᠮᠠᠨ ᠤ ᠬᠤᠰᠢᠭᠤᠨ ᠤ ᠵᠢᠨᠱᠠᠨ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠶᠢ ᠥᠷᠭᠡᠳᠬᠡᠨ ᠪᠠᠶᠢᠭᠤᠯᠬᠤ ᠵᠢᠴᠢ ᠬᠤᠭᠤᠯᠠᠶ ᠤᠨ ᠲᠣᠤᠷ ᠤᠨ ᠪᠥᠲᠥᠭᠡᠨ | ᠪᠠᠶᠢᠭᠤᠯᠤᠯᠲᠠ ᠶᠢᠨ ᠢᠨᠵᠧᠨᠧᠷᠢᠩ ᠤᠨ ᠲᠥᠷᠥᠯ ᠵᠦᠢᠯ ᠤᠨ ᠪᠠᠶᠢᠯᠳᠤᠬᠤ ᠪᠣᠳᠣᠯᠭ᠎ᠠ ᠶᠢᠨ | ᠬᠠᠮᠲᠤᠷᠠᠯᠴᠠᠭᠠᠨ ᠤ ᠬᠡᠯᠡᠯᠴᠡᠭᠡᠷ ᠬᠢᠪᠡ᠃ ᠵᠦᠩ ᠵᠢᠶᠤᠤ ᠪᠢ ᠱᠦᠢ ᠶᠤᠸᠠᠨ | ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠶᠡᠷᠦᠩᠬᠡᠶ ᠵᠠᠬᠢᠷᠤᠯ ᠳ᠋ᠠᠶ | ᠿᠢ ᠴᠧᠩ᠂ ᠳᠡᠳ᠋ ᠶᠡᠷᠦᠩᠬᠡᠶ ᠵᠠᠬᠢᠷᠤᠯ ᠴᠧᠨ ᠴᠦᠨ ᠱᠧᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ ᠭᠠᠷ ᠤᠨ ᠥᠰᠥᠭ ᠵᠢᠷᠤᠬᠤ ᠶᠣᠰᠣᠯᠠᠯ ᠳᠤ | ᠣᠷᠣᠯᠴᠠᠵᠤ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃ | ᠵᠢᠨᠱᠠᠨ ᠤ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠵᠢᠴᠢ ᠬᠤᠭᠤᠯᠠᠢ ᠶᠢᠨ | ᠲᠣᠣᠷ ᠤᠨ ᠪᠦᠳᠦᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠦᠷᠦᠯ ᠵᠦᠢᠯ ᠨᠢ ᠤᠳᠤ ᠶᠢᠨ ᠵᠢᠨᠱᠠᠨ ᠤ ᠪᠣᠬᠢᠷ | ᠤᠰᠤᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ ᠤᠷᠢᠳᠴᠢᠯᠠᠨ ᠦᠯᠡᠳᠡᠭᠡᠭᠰᠡᠨ ᠭᠠᠵᠠᠷ ᠲᠤ | ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 1.0952 ᠳ᠋ᠦᠩᠰᠢᠭᠤᠷ ᠲᠥᠭᠦᠷᠢᠭ ᠲᠤ ᠬᠦᠷᠴᠦ᠂ | ᠶᠡᠷᠦᠩᠬᠡᠢ ᠭᠠᠵᠠᠷ ᠨᠢ 20 ᠮᠦ ᠪᠠᠶᠢᠵᠤ᠂ ᠲᠦᠷᠦᠯ ᠵᠦᠢᠯ ᠢ BOT ᠵᠠᠭᠪᠤᠷ ᠢᠶᠠᠷ ᠬᠡᠷᠡᠭᠵᠢᠭᠦᠯᠵᠦ᠂ 2022 | ᠣᠨ ᠤ 8 ᠰᠠᠷ᠎ᠠ ᠠᠴᠠ ᠡᠬᠢᠯᠡᠨ ᠪᠦᠳᠦᠭᠡᠨ ᠪᠠᠶᠢᠭᠤᠯᠵᠤ᠂ 2023 ᠣᠨ ᠤ 11 ᠰᠠᠷ᠎ᠠ ᠳᠤ ᠳᠠᠭᠤᠰᠬᠠᠬᠤ ᠪᠠᠷ | ᠲᠥᠯᠥᠪᠯᠡᠵᠦ ᠪᠤᠢ᠃ ᠲᠣᠰ ᠲᠥᠷᠥᠯ ᠵᠦᠢᠯ ᠤᠨ ᠰᠢᠢᠳᠪᠦᠷᠢᠯᠡᠬᠦ | ᠬᠡᠪᠴᠢᠶ᠎ᠡ ᠶᠢ 2 ᠲᠦᠮᠡᠨ ᠲᠣᠨ /d ᠪᠣᠬᠢᠷ ᠤᠰᠤ ᠶᠢ ᠰᠢᠢᠳᠪᠦᠷᠢᠯᠡᠬᠦ ᠠᠴᠠ 4 | ᠲᠦᠮᠡᠨ ᠲᠣᠨ /d ᠪᠣᠯᠭᠠᠨ ᠥᠷᠭᠡᠳᠬᠡᠨ ᠪᠠᠶᠢᠭᠤᠯᠬᠤ ᠪᠠᠷ ᠲᠥᠯᠥᠪᠯᠡᠵᠦ ᠪᠣᠶ᠂ | ᠰᠢᠢᠳᠪᠦᠷᠢᠯᠡᠬᠦ ᠮᠡᠷᠭᠡᠰᠢᠯ ᠨᠢ ︽ᠤᠷᠢᠳᠴᠢᠯᠠᠨ | ᠰᠢᠢᠳᠪᠦᠷᠢᠯᠡᠬᠦ + A2/O + MBR ᠬᠠᠮ ᠠᠮᠢᠳᠤ ᠪᠣᠳᠠᠰ ᠤᠨ ᠬᠢᠮᠢ ᠶᠢᠨ | ᠴᠥᠭᠦᠷᠥᠮ + ᠳᠡᠳ᠋ ᠾᠯᠣᠷ ᠬᠦᠴᠢᠯ ᠤᠨ ᠨᠠᠲᠷᠢ ᠶᠢ ᠠᠷᠢᠭᠤᠳᠬᠠᠬᠤ︾ ᠪᠣᠯᠤᠨ᠎ᠠ᠂ ᠪᠣᠬᠢᠷ ᠰᠢᠪᠠᠷ ᠢ | ᠰᠢᠢᠳᠪᠦᠷᠢᠯᠡᠬᠦ ᠦᠢᠯᠡᠳᠪᠦᠷᠢ ᠶᠢᠨ ᠲᠠᠰᠤᠭ᠂ ᠲᠥᠬᠦᠭᠡᠷᠦᠮᠵᠢ ᠶᠢᠨ | ᠦᠢᠯᠡᠳᠪᠦᠷᠢ ᠶᠢᠨ ᠲᠠᠰᠤᠭ᠂ ᠲᠤᠰᠠᠯᠠᠬᠤ ᠬᠡᠷ ᠵᠢᠴᠢ ᠪᠣᠬᠢᠷ ᠤᠰᠤᠨ ᠤ ᠬᠤᠭᠤᠯᠠᠶ ᠶᠢᠨ | ᠲᠣᠤᠷ ᠢ 11 ᠺᠢᠯᠣᠮᠧᠲᠷ ᠢᠵᠢ ᠪᠥᠷᠢᠳᠦᠭᠦᠯᠦᠨ ᠪᠥᠲᠥᠭᠡᠨ ᠪᠠᠶᠢᠭᠤᠯᠤᠨ᠎ᠠ᠃ | ᠪᠡᠭᠡᠵᠢᠩ ᠤᠨ ᠪᠢ ᠱᠦᠢ ᠶᠤᠸᠠᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ | ᠺᠣᠮᠫᠠᠨᠢ ︽ᠤᠰᠤᠨ ᠤ ᠣᠷᠴᠢᠨ ᠲᠣᠭᠤᠷᠢᠨ ᠢ ᠵᠠᠰᠠᠬᠤ᠂ ᠰᠢᠨ᠎ᠡ ᠤᠰᠤᠨ ᠤ ᠡᠬᠢ ᠰᠤᠷᠪᠤᠯᠵᠢ ᠶᠢ ᠨᠡᠭᠡᠭᠡᠬᠦ᠂ ᠤᠰᠤ | ᠤᠮᠳᠠ ᠶᠢᠨ ᠠᠮᠤᠷ ᠲᠦᠪᠰᠢᠨ ᠢ ᠪᠠᠲᠤᠯᠠᠬᠤ᠂ ᠬᠤᠳᠠ ᠶᠢᠨ ᠠᠮᠢ ᠠᠬᠤᠢ ᠶᠢᠨ ᠣᠷᠴᠢᠨ ᠲᠣᠭᠤᠷᠢᠨ ᠢ ᠪᠦᠳᠦᠬᠡᠨ | ᠪᠠᠶᠢᠭᠤᠯᠬᠤ︾ ᠪᠠᠷ ᠴᠢᠷᠮᠠᠶᠢᠵᠤ ᠪᠤᠢ᠃ ᠲᠣᠰ ᠤᠳᠠᠭᠠᠨ ᠤ ᠬᠠᠮᠲᠤᠷᠠᠯᠴᠠᠭ᠎ᠠ ᠨᠢ ᠮᠠᠨ ᠤ ᠬᠤᠰᠢᠭᠤᠨ ᠤ ᠰᠠᠭᠤᠷᠢ | ᠲᠥᠬᠦᠭᠡᠷᠦᠮᠵᠢ ᠪᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠲᠦᠷᠭᠡᠳᠬᠡᠬᠦ ᠳᠤ ᠴᠢᠬᠤᠯᠠ | ᠦᠢᠯᠡᠳᠦᠯ ᠦᠵᠡᠭᠦᠯᠬᠦ ᠪᠣᠯᠤᠨ᠎ᠠ᠃ ᠪᠢ ᠱᠦᠢ ᠶᠤᠸᠠᠨ ᠨᠢ ᠮᠠᠨ ᠤ | ᠬᠤᠰᠢᠭᠤᠨ ᠤ ᠪᠣᠬᠢᠷ ᠤᠰᠤ ᠶᠢ ᠡᠬᠢ ᠪᠠᠶᠠᠯᠢᠭᠵᠢᠭᠤᠯᠬᠤ᠂ ᠬᠥᠳᠡᠭᠡ ᠲᠣᠰᠬᠤᠨ ᠤ ᠪᠣᠬᠢᠷ ᠤᠰᠤ ᠶᠢ | ᠰᠢᠢᠳᠪᠦᠷᠢᠯᠡᠬᠦ ᠂ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠤᠷ ᠤᠨ | ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠪᠠᠷ ᠪᠠᠯᠠ ᠣᠷᠣᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠮᠢ | ᠠᠬᠤᠶ ᠶᠢᠨ ᠪᠣᠯᠪᠠᠰᠤᠨ ᠤ ᠪᠥᠲᠥᠭᠡᠨ ᠪᠠᠶᠢᠭᠤᠯᠤᠯᠲᠠ ᠶᠢ ᠳᠡᠮᠵᠢᠵᠦ᠂ ᠮᠠᠨ ᠤ ᠬᠤᠰᠢᠭᠤᠨ ᠤ ᠰᠢᠨᠵᠢᠯᠡᠬᠦ ᠤᠬᠠᠭᠠᠨᠴᠢ | ᠬᠥᠭᠵᠢᠯᠲᠡ᠂ ᠪᠣᠬᠢᠷᠲᠤᠯ ᠥᠬᠡᠶ ᠬᠥᠭᠵᠢᠯᠲᠡ ᠳᠤ ᠬᠦᠴᠦᠨ ᠨᠡᠮᠡᠷᠢᠯᠡᠨ᠎ᠡ᠃ | | |