ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠮᠠᠨ ᠤ ᠬᠤᠰᠢᠭᠤᠨ ᠳᠤ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2022/8/9
ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠮᠠᠨ ᠤ ᠬᠤᠰᠢᠭᠤᠨ ᠳᠤ ᠦᠪᠡᠳᠡᠭᠰᠢ ᠶᠡᠭᠡ ᠪᠠᠷ ᠡᠬᠢᠯᠡᠪᠡ    8 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠠᠴᠢᠨ ᠬᠤᠰᠢᠭᠤᠨ ᠤ ᠬᠤᠷᠢᠶ᠎ᠠ᠂ ᠬᠠᠷᠠᠴᠢᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠭᠢᠯᠡᠭᠰᠡᠨ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠤᠯᠠᠭᠠᠨᠬᠠᠳᠠ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠬᠦᠷᠢᠶᠡᠯᠡᠩ ᠳᠤ ᠦᠪᠡᠳᠡᠭᠰᠢ ᠶᠡᠭᠡ ᠪᠠᠷ ᠡᠬᠢᠯᠡᠪᠡ᠃    ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠬᠢᠨᠠᠨ ᠬᠡᠮᠵᠢᠬᠦ ᠲᠥᠪ ᠤᠨ ᠳᠡᠳ᠋ ᠡᠷᠬᠢᠯᠡᠭᠴᠢ ᠦ᠋ ᠵᠥᠩ ᠽᠧ ᠂ ᠤᠯᠤᠰ ᠤᠨ ᠬᠢᠲᠠᠳ ᠡᠮ ᠡᠮᠨᠡᠯᠭᠡ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠤᠤᠯ ᠤᠨ ᠳᠡᠳ᠋ ᠲᠣᠭᠤᠷᠢᠨ ᠪᠠᠶᠢᠴᠠᠭᠠᠭᠴᠢ ᠰᠦᠨ ᠯᠢ ᠶᠢᠩ︔ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠳᠡᠳ᠋ ᠳᠠᠷᠤᠭ᠎ᠠ ᠯᠢᠦ ᠵᠠᠩ ᠯᠢᠨ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠬᠢᠲᠠᠳ ᠡᠮ ᠤᠨ ᠮᠠᠲ᠋ᠧᠷᠢᠶᠠᠯ ᠳᠠᠷᠢᠵᠤ ᠲᠡᠵᠢᠭᠡᠨ ᠦᠷᠡᠵᠢᠭᠦᠯᠬᠦ ᠲᠤᠰᠬᠠᠢ ᠮᠡᠷᠭᠡᠵᠢᠯ ᠤᠨ ᠵᠥᠪᠯᠡᠯ ᠤᠨ ᠡᠷᠬᠢᠯᠡᠭᠴᠢ ᠭᠡᠰᠢᠭᠦᠨ᠂ ᠳᠤᠮᠳᠠᠳᠤ ᠤᠯᠤᠰ ᠤᠨ ᠡᠮ ᠤᠨ ᠰᠣᠶᠣᠯ ᠤᠨ ᠰᠤᠳᠤᠯᠭᠠᠨ ᠤ ᠨᠡᠶᠢᠭᠡᠮᠯᠢᠭ ᠤᠨ ᠳᠡᠳ᠋ ᠳᠠᠷᠤᠭ᠎ᠠ ᠪᠥᠭᠡᠳ ᠨᠠᠷᠢᠨ ᠪᠢᠴᠢᠭ ᠤᠨ ᠳᠠᠷᠤᠭ᠎ᠠ ᠸᠠᠩ ᠸᠧᠢ ᠴᠢᠤᠸᠠᠨ ᠵᠡᠷᠭᠡ ᠤᠳᠤᠷᠢᠳᠤᠯᠭ᠎ᠠ ᠡᠬᠢᠯᠡᠯᠲᠡ ᠶᠢᠨ ᠶᠣᠰᠣᠯᠠᠯ ᠳᠤ ᠣᠷᠣᠯᠴᠠᠪᠠ᠃ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠪᠤᠰᠤᠳ ᠬᠤᠯᠪᠣᠭᠳᠠᠯ ᠪᠥᠬᠦᠶ ᠬᠠᠷᠢᠭᠤᠴᠠᠯᠭᠠᠲᠠᠨ᠂ ᠤᠯᠤᠰ ᠤᠨ ᠳᠣᠲᠣᠭᠠᠳᠤ ᠶᠢᠨ ᠡᠮ ᠡᠮᠨᠡᠯᠭᠡ ᠶᠢᠨ ᠬᠦᠷᠢᠶᠡᠨ ᠳᠠᠬᠢ ᠨᠠᠷᠠᠲᠤ ᠲᠤᠰᠬᠠᠶ ᠮᠡᠷᠭᠡᠵᠢᠯᠲᠡᠨ ᠡᠷᠳᠡᠮᠲᠡᠨ ᠪᠠ ᠭᠤᠤᠯᠳᠠᠯᠭ᠎ᠠ ᠲᠠᠢ ᠡᠮ ᠡᠮᠨᠡᠯᠭᠡ ᠶᠢᠨ ᠠᠵᠤ ᠠᠬᠤᠶᠢᠯᠠᠯ ᠤᠨ ᠲᠥᠯᠥᠭᠡᠯᠡᠭᠴᠢ ᠤᠷᠢᠯᠭ᠎ᠠ ᠪᠠᠷ ᠤᠷᠤᠯᠴᠠᠪᠠ ᠃    ᠬᠤᠲᠠ ᠶᠢᠨ ᠤᠳᠤᠷᠢᠳᠤᠯᠭ᠎ᠠ ᠮᠦᠩᠬᠡᠪᠠᠭᠠᠲᠤᠷ ᠂ ᠵᠠᠩ ᠾᠧᠩ᠂ ᠭᠦᠸᠧ ᠰᠢ᠂ ᠪᠠᠶ ᠬᠤᠩ ᠪᠥᠸᠧ᠂ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ᠂ ᠹᠠᠩ ᠷᠦᠢ᠂ ᠮᠠ ᠵᠢᠩ ᠬᠤᠸᠠ᠂ ᠵᠠᠩ ᠬᠤᠸᠠ ᠵᠡᠷᠭᠡ ᠬᠡᠷ ᠲᠡᠭᠡᠨ ᠪᠠᠶᠢᠭ᠎ᠠ ᠬᠤᠰᠢᠭᠤᠨ ᠤ ᠲᠠᠰ ᠤᠨ ᠤᠳᠤᠷᠢᠳᠤᠯᠭ᠎ᠠ ᠬᠤᠷᠠᠯ ᠳᠤ ᠣᠷᠣᠯᠴᠠᠵᠠᠶ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠪᠠᠶᠠᠷ ᠤᠨ ᠦᠭᠡ ᠬᠡᠯᠡᠵᠦ᠂ ᠳᠡᠳ᠋ ᠬᠤᠰᠢᠭᠤᠨ ᠳᠠᠷᠤᠭ᠎ᠠ ᠪᠢᠴᠢᠭᠲᠦ ᠡᠬᠢᠯᠡᠯᠲᠡ ᠶᠢᠨ ᠶᠣᠰᠣᠯᠠᠯ ᠢ ᠡᠷᠭᠢᠯᠡᠪᠡ᠃ᠹᠠᠩ ᠷᠦᠢ ᠪᠠᠶᠠᠷ ᠤᠨ ᠦᠭᠡ ᠳᠡᠭᠡᠨ ᠵᠢᠭᠠᠵᠤ ᠭᠠᠷᠭᠠᠭᠰᠠᠨ ᠨᠢ᠂ ᠣᠶᠢᠷ᠎ᠠ ᠶᠢᠨ ᠵᠢᠯ ᠳᠤ᠂ ᠮᠠᠨ ᠤ ᠬᠤᠰᠢᠭᠤ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠣᠶᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠴᠢᠬᠤᠯᠠ ᠠᠵᠤ ᠦᠢᠯᠡᠰ ᠪᠣᠯᠭᠠᠨ ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠪᠥᠬᠦ ᠬᠤᠰᠢᠭᠤᠨ ᠤ ᠡᠮ ᠤᠨ ᠮᠠᠲ᠋ᠧᠷᠢᠶᠠᠯ ᠤᠨ ᠳᠠᠷᠢᠬᠤ ᠲᠠᠯᠠᠪᠠᠶ ᠶᠢ 10 ᠲᠦᠮᠡᠨ ᠮᠥ ᠠᠴᠠ ᠳᠡᠭᠡᠭᠰᠢ ᠲᠣᠭᠲᠠᠪᠤᠷᠢᠵᠢᠭᠤᠯᠵᠤ᠂ ᠡᠮ ᠤᠨ ᠠᠵᠤ ᠠᠬᠤᠶᠢᠯᠠᠯ ᠢ 25 ᠪᠣᠯᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠠ ᠲᠤᠰᠬᠠᠶ ᠬᠤᠷᠰᠢᠶ᠎ᠠ ᠶᠢ 520 ᠭᠠᠷᠤᠶ ᠳᠤ ᠬᠦᠷᠭᠡᠵᠦ᠂ ᠪᠣᠷᠣᠯᠠᠭᠤᠯᠭ᠎ᠠ ᠶᠢᠨ ᠲᠣᠤᠷ ᠰᠦᠯᠵᠢᠶ᠎ᠡ ᠶᠢ ᠪᠥᠬᠦ ᠤᠯᠤᠰ ᠤᠨ 30 ᠮᠤᠵᠢ ᠬᠤᠲᠠ ᠣᠷᠣᠨ ᠳᠤ ᠲᠦᠭᠡᠭᠡᠵᠦ᠂ ᠶᠡᠷᠦᠩᠬᠡᠶ ᠵᠢᠯ ᠤᠨ ᠦᠢᠯᠡᠳᠬᠦᠨ ᠤ ᠥᠷᠲᠡᠭ ᠨᠢ 30 ᠳ᠋ᠦᠩᠰᠢᠭᠤᠷ ᠲᠥᠭᠦᠷᠢᠭ ᠢ ᠳᠠᠪᠠᠵᠤ᠂ ᠨᠢᠭᠡᠨᠲᠡ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠲᠤᠯᠭᠠᠭᠤᠷᠢ ᠠᠵᠤ ᠦᠢᠯᠡᠰ ᠪᠣᠯᠤᠭᠰᠠᠨ ᠪᠠᠶᠢᠨ᠎ᠠ᠃    ᠹᠠᠩ ᠷᠦᠢ ᠵᠢᠭᠠᠵᠤ ᠭᠠᠷᠭᠠᠭᠰᠠᠨ ᠨᠢ᠂ ᠣᠳᠣᠬᠠᠨ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠬᠦ ᠲᠠᠯ᠎ᠠ ᠪᠠᠷ ᠠᠬᠢᠭᠤᠯᠬᠤ ᠶᠡᠭᠡ ᠠᠬᠤᠶ ᠪᠠᠶᠢᠳᠠᠯ ᠳᠣᠣᠷ᠎ᠠ᠂ ᠮᠠᠨ ᠤ ᠬᠤᠰᠢᠭᠤ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ︽ᠠᠵᠤ ᠦᠢᠯᠡᠰ ᠢ ᠠᠳᠬᠤᠬᠤ᠂ ᠲᠠᠪᠴᠠᠩ ᠪᠠᠶᠢᠭᠤᠯᠬᠤ᠂ ᠪᠡᠯᠡ ᠣᠷᠣᠭᠤᠯᠤᠯᠲᠠ ᠶᠢ ᠠᠬᠢᠭᠤᠯᠬᠤ᠂ ᠨᠡᠷᠡᠲᠦ ᠲᠡᠮᠳᠡᠭ ᠡᠭᠦᠳᠬᠦ︾ ᠠᠵᠢᠯ ᠢ ᠰᠠᠶᠢᠲᠤᠷ ᠬᠢᠬᠦ ᠶᠢᠨ ᠲᠣᠭᠤᠷᠢᠨ ᠳᠤ᠂ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠢ ᠪᠦᠬᠦ ᠬᠤᠰᠢᠭᠤᠨ ᠤ ᠳᠥᠷᠪᠡᠨ ᠶᠡᠭᠡ ᠲᠠᠷᠢᠶᠠᠯᠠᠩ ᠮᠠᠯ ᠠᠵᠤ ᠠᠬᠤᠶ ᠶᠢᠨ ᠭᠤᠣᠯᠯᠠᠬᠤ ᠠᠵᠤ ᠦᠢᠯᠡᠰ ᠤᠨ ᠨᠢᠭᠡ ᠪᠣᠯᠭᠠᠵᠤ ᠪᠦᠬᠦ ᠬᠦᠴᠦᠨ ᠢᠶᠠᠷ ᠢᠶᠠᠨ ᠪᠤᠶᠢᠵᠢᠭᠤᠯᠵᠤ᠂ ᠬᠡᠳᠦᠨ ᠵᠢᠯ ᠤᠨ ᠴᠢᠷᠮᠠᠶᠢᠯᠭ᠎ᠠ ᠪᠠᠷ ᠳᠡᠮᠵᠢᠨ᠂ ᠨᠢᠦ ᠵᠢᠶᠠ ᠢᠩᠽᠢ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠠᠨᠾᠦ᠋ᠢ ᠶᠢᠨ ᠪᠥᠸᠧ ᠵᠧᠤ᠂ ᠾᠤᠪᠸᠢ ᠶᠢᠨ ᠠᠨ ᠭᠦᠸᠧ᠂ ᠭᠠᠨᠰᠦ ᠶᠢᠨ ᠱᠸᠤ ᠶᠠᠩ ᠯᠤᠭ᠎ᠠ ᠨᠡᠷ᠎ᠡ ᠵᠡᠷᠭᠡᠴᠡᠭᠰᠡᠨ ᠪᠥᠬᠦ ᠤᠯᠤᠰ ᠤᠨ ᠳᠥᠷᠪᠡᠨ ᠶᠡᠭᠡ ᠡᠮ ᠤᠨ ᠮᠠᠲ᠋ᠧᠷᠢᠶᠠᠯ ᠤᠨ ᠠᠷᠠᠯᠵᠢᠶᠠᠨ ᠤ ᠰᠠᠭᠤᠷᠢᠨ ᠭᠠᠵᠠᠷ ᠤᠨ ᠨᠢᠭᠡ ᠪᠣᠯᠭᠠᠵᠤ᠂ ᠬᠠᠷᠠᠴᠢᠨ ᠬᠤᠰᠢᠭᠤ ᠶᠢ ᠳᠤᠮᠳᠠᠳᠤ ᠤᠯᠤᠰ ᠤᠨ ᠤᠮᠠᠷᠠᠲᠤ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠦᠷ᠎ᠡ ᠴᠢᠬᠢ ᠬᠠᠩᠭᠠᠬᠤ ᠰᠠᠭᠤᠷᠢᠨ ᠭᠠᠵᠠᠷ ᠪᠣᠯᠭᠠᠬᠤ ᠪᠠᠷ ᠴᠢᠷᠮᠠᠶᠢᠨ᠎ᠠ᠃    ᠤᠯᠤᠰ ᠤᠨ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠬᠢᠨᠠᠨ ᠬᠡᠮᠵᠢᠬᠦ ᠲᠥᠪ ᠤᠨ ᠳᠡᠳ᠋ ᠡᠷᠬᠢᠯᠡᠭᠴᠢ ᠦ᠋ ᠵᠥᠩ ᠽᠧ ᠂ ᠳᠤᠮᠳᠠᠳᠤ ᠤᠯᠤᠰ ᠤᠨ ᠬᠢᠲᠠᠳ ᠡᠮ ᠤᠨ ᠨᠡᠶᠢᠭᠡᠮᠯᠢᠭ ᠤᠨ ᠳᠡᠳ᠋ ᠳᠠᠷᠤᠭ᠎ᠠ ᠯᠢᠦ ᠵᠠᠩ ᠯᠢᠨ ᠲᠣᠰ ᠲᠣᠰ ᠪᠠᠶᠠᠷ ᠤᠨ ᠦᠭᠡ ᠬᠡᠯᠡᠵᠡᠶ᠃    ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠮᠦᠩᠬᠡᠪᠠᠭᠠᠲᠤᠷ ᠶᠡᠭᠡ ᠬᠤᠷᠠᠯ ᠡᠬᠢᠯᠡᠭᠰᠡᠨ ᠢ ᠵᠠᠷᠯᠠᠪᠠ᠃ᠡᠬᠢᠯᠡᠯᠲᠡ ᠶᠢᠨ ᠶᠣᠰᠣᠯᠠᠯ ᠤᠨ ᠲᠤᠬᠠᠶ ᠶᠢᠨ ᠲᠠᠯᠠᠪᠠᠶ ᠳᠤ᠂ ᠬᠤᠷᠠᠯ ᠳᠤ ᠣᠷᠣᠯᠴᠠᠭᠰᠠᠳ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠦᠵᠡᠭᠦᠯᠦᠯᠭᠡ ᠶᠢᠨ ᠲᠣᠭᠤᠷᠢᠭ ᠪᠠ ᠤᠨᠴᠠᠯᠢᠬᠳᠤ ᠲᠠᠷᠢᠶᠠᠯᠠᠩ ᠤᠨ ᠪᠦᠲᠦᠭᠡᠭᠳᠡᠬᠦᠨ ᠤ ᠦᠵᠡᠭᠦᠯᠦᠯᠭᠡ ᠶᠢᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ︵ᠰᠣᠷᠣᠭᠴᠢ ᠶᠢᠨ ᠬᠥᠳᠡᠯᠮᠦᠷᠢ ᠦᠢᠯᠡᠳᠦᠯᠭᠡ ᠶᠢᠨ ᠬᠥᠮᠦᠵᠢᠯ ᠤᠨ ᠰᠠᠭᠤᠷᠢᠨ ᠭᠠᠵᠠᠷ︶᠂ ᠥᠪᠥᠷ ᠮᠣᠩᠭᠤᠯ ᠤᠨ ᠮᠤᠩ ᠶᠤᠸᠠᠨ ᠲᠠᠩ ᠡᠮ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠤᠨ ᠲᠣᠭᠤᠷᠢᠭ ᠢ ᠲᠤᠬᠠᠶ ᠶᠢᠨ ᠭᠠᠵᠠᠷ ᠲᠤᠨᠢ ᠲᠣᠭᠤᠷᠢᠨ ᠦᠵᠡᠪᠡ᠃    ᠥᠪᠥᠷ ᠮᠣᠩᠭᠤᠯ ᠤᠨ ᠬᠢᠲᠠᠳ ᠡᠮ ᠤᠨ ᠮᠠᠲ᠋ᠧᠷᠢᠶᠠᠯ ︵ᠮᠣᠩᠭᠤᠯ ᠡᠮ ᠤᠨ ᠮᠠᠲ᠋ᠧᠷᠢᠶᠠᠯ︶ ᠤᠨ ᠪᠠᠷᠢᠮᠵᠢᠶᠠᠵᠢᠭᠤᠯᠤᠭᠰᠠᠨ ᠠᠮᠢ ᠠᠬᠤᠶ ᠶᠢᠨ ᠠᠵᠤ ᠦᠢᠯᠡᠰ ᠤᠨ ᠬᠦᠷᠢᠶᠡᠯᠡᠩ ᠤᠨ ᠲᠥᠷᠥᠯ ᠵᠦᠢᠯ ᠳᠤ ᠨᠡᠶᠢᠲᠡ 16 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠬᠤ ᠪᠠᠷ ᠲᠥᠯᠥᠪᠯᠡᠵᠦ᠂ 1000 ᠮᠥ ᠲᠠᠯᠠᠪᠠᠶ ᠡᠵᠡᠯᠡᠵᠦ᠂ ᠬᠤᠶᠠᠷ ᠬᠤᠭᠤᠴᠠᠭ᠎ᠠ ᠬᠤᠪᠢᠶᠠᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠃ ᠣᠳᠣᠬᠠᠨ ᠳᠤ᠂ ᠲᠥᠷᠥᠯ ᠵᠦᠢᠯ ᠤᠨ ᠨᠢᠭᠡᠳᠦᠭᠡᠷ ᠬᠤᠭᠤᠴᠠᠭᠠᠨ ᠳᠤ ᠶᠠᠭ ᠰᠠᠭᠤᠷᠢ ᠪᠠᠷᠢᠯᠭ᠎ᠠ ᠶᠢᠨ ᠠᠵᠢᠯ ᠢ ᠬᠢᠵᠦ ᠪᠣᠶ᠃ ᠲᠥᠷᠥᠯ ᠵᠦᠢᠯ ᠤᠨ ᠬᠤᠶᠠᠳᠤᠭᠠᠷ ᠬᠤᠭᠤᠴᠠᠭᠠᠨ ᠳᠤ ᠡᠮ ᠤᠨ ᠮᠠᠲ᠋ᠧᠷᠢᠶᠠᠯ ᠤᠨ ᠦᠷ᠎ᠡ ᠦᠷᠡᠵᠢᠭᠦᠯᠦᠨ ᠪᠤᠶᠢᠵᠢᠭᠤᠯᠬᠤ᠂ ᠳᠠᠷᠢᠬᠤ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠂ ᠡᠳ᠋ ᠪᠠᠷᠠᠭ᠎ᠠ ᠪᠤᠶᠤ ᠮᠡᠷᠭᠡᠵᠢᠯ ᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠵᠡᠷᠭᠡ ᠶᠢ ᠲᠥᠯᠥᠪᠵᠢᠭᠦᠯᠦᠨ ᠪᠠᠶᠢᠭᠤᠯᠵᠤ᠂ ᠬᠢᠲᠠᠳ ᠮᠣᠩᠭᠤᠯ ᠡᠮ ᠡᠮᠨᠡᠯᠭᠡ ᠬᠢᠭᠡᠳ ᠡᠷᠡᠭᠦᠯᠵᠢᠯ ᠰᠤᠪᠢᠯᠠᠯᠲᠠ᠂ ᠵᠢᠭᠤᠯᠴᠢᠯᠠᠯ᠂ ᠰᠣᠶᠣᠯ ᠵᠡᠷᠭᠡ ᠶᠢᠨ ᠭᠦᠨᠵᠡᠭᠡᠶ ᠠᠭᠤᠰᠤᠯᠴᠠᠨ ᠬᠥᠭᠵᠢᠬᠦ ᠶᠢ ᠠᠬᠢᠭᠤᠯᠤᠨ᠎ᠠ᠃    ᠲᠤᠰ ᠬᠤᠭᠤᠴᠠᠭᠠᠨ ᠤ ᠶᠡᠭᠡ ᠬᠤᠷᠠᠯ ᠠᠴᠠ ︽ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠴᠠᠭ ᠦᠶ᠎ᠡ ᠶᠢᠨ ᠬᠠᠭᠤᠳᠠᠰᠤ ᠶᠢ ᠪᠢᠴᠢᠭᠯᠡᠬᠦ︾ ᠪᠠᠷ ᠭᠤᠣᠯ ᠰᠡᠳᠦᠪ ᠪᠣᠯᠭᠠᠵᠤ᠂ ᠬᠤᠷᠠᠯ ᠤᠨ ᠬᠤᠭᠤᠴᠠᠭᠠᠨ ᠳᠤ ᠪᠠᠰᠠ ᠲᠤᠰᠬᠠᠢ ᠰᠡᠳᠦᠪᠲᠦ ᠲᠠᠶᠢᠯᠤᠮᠵᠢ᠂ ᠲᠦᠷᠦᠭᠦᠴᠦᠳ ᠤᠨ ᠶᠠᠷᠢᠶᠠᠨ ᠤ ᠲᠠᠪᠴᠠᠩ᠂ ᠮᠡᠷᠭᠡᠵᠢᠯ ᠤᠨ ᠰᠣᠯᠢᠯᠴᠠᠭ᠎ᠠ᠂ ᠲᠤᠷᠰᠢᠯᠭ᠎ᠠ ᠪᠠᠨ ᠬᠤᠪᠢᠶᠠᠯᠴᠠᠬᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ᠂ ᠡᠬᠢ ᠪᠠᠶᠠᠯᠢᠭ ᠢ ᠵᠣᠯᠭᠠᠭᠤᠯᠬᠤ᠂ ᠪᠦᠲᠦᠭᠡᠭᠳᠡᠬᠦᠨ ᠤ ᠰᠣᠯᠢᠯᠴᠠᠭ᠎ᠠ᠂ ᠲᠦᠷᠦᠯ ᠵᠦᠢᠯ ᠤᠨ ᠵᠥᠪᠳᠡᠯᠴᠡᠭᠡ ᠵᠡᠷᠭᠡ ᠪᠠᠶᠠᠯᠢᠭ ᠰᠠᠶᠢᠬᠠᠨ ᠠᠵᠢᠯᠯᠠᠭ᠎ᠠ ᠥᠷᠨᠢᠭᠦᠯᠦᠨ᠎ᠡ᠃ ᠬᠢᠲᠠᠳ ︵ᠡᠮ︶ ᠮᠣᠩᠭᠤᠯ ᠡᠮ ᠤᠨ ᠡᠷᠳᠡᠨᠢᠰ ᠤᠨ ᠬᠠᠳᠠᠭᠠᠯᠠᠭᠳᠠᠴᠠ ᠶᠢ ᠤᠯᠠᠮ ᠨᠢᠭᠡ ᠠᠯᠬᠤᠮ ᠠᠭᠤᠳᠠᠯᠵᠤ᠂ ᠬᠢᠲᠠᠳ ︵ᠡᠮ︶ ᠮᠣᠩᠭᠤᠯ ᠡᠮ ᠤᠨ ᠰᠣᠶᠣᠯ ᠢ ᠤᠯᠠᠮᠵᠢᠯᠠᠨ ᠪᠠᠳᠠᠷᠠᠭᠤᠯᠵᠤ᠂ ᠬᠢᠲᠠᠳ ︵ᠡᠮ︶ ᠮᠣᠩᠭᠤᠯ ᠡᠮ ᠤᠨ ᠮᠠᠲ᠋ᠧᠷᠢᠶᠠᠯ ᠤᠨ ᠠᠵᠤ ᠦᠢᠯᠡᠰ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠂ ᠬᠢᠲᠠᠳ ︵ᠡᠮ︶ ᠮᠣᠩᠭᠤᠯ ᠡᠮ ᠤᠨ ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ᠂ ᠡᠷᠡᠭᠦᠯ ᠡᠩᠬᠡ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号