ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/17
ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    9 ᠰᠠᠷ᠎ᠠ ᠶᠢᠨ 16 ᠤ ᠡᠳᠦᠷ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠵᠣᠣ ᠶᠠᠨ ᠬᠤᠩ ᠪᠥᠬᠦ ᠬᠤᠰᠢᠭᠤᠨ ᠤ ᠵᠠᠰᠠᠭ ᠤᠨ ᠣᠷᠳᠣᠨ ᠤ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠳᠠᠷᠤᠭ᠎ᠠ ᠪᠠᠶ ᠯᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠯᠢ ᠬᠦᠶ ᠹᠠᠩ᠂ ᠳᠡᠳ᠋ ᠬᠤᠰᠢᠭᠤᠨ ᠳᠠᠷᠤᠭ᠎ᠠ ᠸᠠᠩ ᠯᠢ ᠭᠦᠸᠧ᠂ ᠮᠠ ᠶᠦᠩ ᠭᠠᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ ᠲᠥᠯᠥᠪᠵᠢᠭᠦᠯᠦᠭᠰᠡᠨ ᠪᠠᠶᠢᠳᠠᠯ ᠢ ᠲᠡᠰ ᠳᠠᠷᠠᠭᠠᠯᠠᠨ ᠬᠠᠷᠢᠭᠤ ᠮᠡᠳᠡᠭᠦᠯᠵᠡᠢ᠃    ᠬᠤᠷᠠᠯ ᠠᠴᠠ᠂ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠪᠣᠯ ᠴᠢᠬᠤᠯᠠ ᠶᠡᠭᠡ ᠲᠦᠷᠦᠯ ᠵᠦᠢᠯ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠠᠬᠢᠭᠤᠯᠬᠤ ᠭᠤᠣᠯ ᠪᠠᠲᠤᠯᠠᠭ᠎ᠠ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠤ ᠠᠬᠤᠢ ᠶᠢᠨ ᠶᠡᠭᠡ ᠦᠨ᠎ᠡ ᠶᠢ ᠲᠣᠭᠲᠠᠪᠤᠷᠢᠵᠢᠭᠤᠯᠬᠤ ᠶᠢᠨ ᠴᠢᠬᠤᠯᠠ ᠲᠤᠯᠭᠠᠭᠤᠷᠢᠯᠠᠯ ᠪᠣᠯᠤᠨ᠎ᠠ ᠃ ᠣᠳᠣᠬᠠᠨ ᠳᠤ ᠪᠣᠯ ᠲᠦᠷᠦᠯ ᠵᠦᠢᠯ ᠢ ᠲᠥᠯᠥᠪᠵᠢᠭᠦᠯᠵᠦ ᠭᠤᠶᠤᠴᠢᠯᠠᠨ ᠮᠡᠳᠡᠭᠦᠯᠬᠦ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠂ ᠡᠯ᠎ᠡ ᠰᠠᠯᠠᠭ᠎ᠠ ᠮᠥᠴᠢᠷ ᠤᠨ ᠬᠢᠨ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠲᠦᠷᠦᠯ ᠵᠦᠢᠯ ᠢ ᠲᠥᠯᠥᠪᠵᠢᠭᠦᠯᠬᠦ ᠪᠠ ᠲᠡᠮᠡᠴᠡᠨ ᠤᠯᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠨ ᠲᠦᠮᠡᠨ ᠤ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠥᠭᠵᠢᠯᠲᠡ ᠶᠢᠨ ᠳᠤᠲᠠᠭᠤᠳᠠᠯ ᠢ ᠬᠠᠷᠠᠭᠠᠯᠠᠨ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠡᠵᠡᠮᠳᠡᠵᠦ᠂ ᠨᠡᠩ ᠤᠯᠠᠨ ᠲᠦᠷᠦᠯ ᠵᠦᠢᠯ ᠢ ᠳᠡᠭᠡᠳᠦ ᠱᠠᠲᠤᠨ ᠤ ᠳᠡᠮᠵᠢᠯᠭᠡ ᠶᠢᠨ ︽ᠰᠢᠩᠭᠡᠯᠢᠭ︾ ᠲᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ᠃    ᠬᠤᠷᠠᠯ ᠠᠴᠠ᠂ ᠲᠦᠷᠦ ᠶᠢᠨ ᠪᠤᠳᠤᠯᠭ᠎ᠠ ᠶᠢ ᠨᠡᠪᠳᠡᠷᠡᠳᠡᠯ᠎ᠠ ᠣᠶᠢᠯᠠᠭᠠᠵᠤ ᠰᠠᠶᠢᠲᠤᠷ ᠬᠡᠷᠡᠭᠯᠡᠬᠦ ᠶᠢ ᠰᠤᠳᠤᠯᠵᠤ᠂ ᠲᠤᠰᠬᠠᠢ ᠲᠦᠷᠦᠯ ᠤᠨ ᠵᠢᠭᠡᠯᠡᠯᠭᠡ ᠶᠢᠨ ᠲᠡᠮᠳᠡᠭᠲᠦ ᠶᠢᠨ ᠳᠡᠮᠵᠢᠯᠭᠡ ᠶᠢᠨ ᠬᠦᠷᠢᠶ᠎ᠡ ᠶᠢ ᠣᠨᠣᠪᠴᠢᠲᠠᠢ ᠡᠵᠡᠮᠳᠡᠵᠦ᠂ ᠴᠢᠭᠯᠡᠯ ᠢᠶᠠᠨ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠬᠦᠴᠦᠯᠡᠵᠦ᠂ ᠨᠡᠩ ᠤᠯᠠᠨ ᠵᠢᠭᠡᠯᠡᠯᠭᠡ ᠶᠢᠨ ᠲᠡᠮᠳᠡᠭᠲᠦ ᠶᠢᠨ ᠪᠡᠯᠡ ᠮᠥᠩᠭᠦ ᠶᠢᠨ ᠳᠡᠮᠵᠢᠯᠭᠡ ᠶᠢ ᠤᠯᠬᠤ ᠪᠠᠷ ᠴᠢᠷᠮᠠᠶᠢᠵᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠲᠤᠯᠭᠠᠭᠤᠷᠢᠯᠠᠯ ᠬᠠᠩᠭᠠᠬᠤ ᠬᠡᠷᠡᠭᠲᠡᠢ᠃ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠪᠣᠳᠠᠲᠠᠶᠢᠵᠢᠭᠤᠯᠤᠨ ᠨᠠᠷᠢᠯᠢᠬᠵᠢᠭᠤᠯᠵᠤ᠂ ᠲᠦᠷᠦᠯ ᠵᠦᠢᠯ ᠢ ᠲᠥᠰᠦᠪᠯᠡᠬᠦ ᠪᠠ ᠭᠤᠶᠤᠴᠢᠯᠠᠨ ᠮᠡᠳᠡᠭᠦᠯᠬᠦ ᠶᠠᠪᠤᠴᠠ ᠳᠠᠬᠢ ᠬᠦᠴᠢᠷᠳᠡᠯ ᠪᠠ ᠬᠦᠴᠢᠷ ᠠᠰᠠᠭᠤᠳᠠᠯ ᠢ ᠱᠠᠳᠤ ᠱᠠᠳᠤ ᠪᠠᠷ ᠡᠮᠬᠢᠯᠡᠵᠦ᠂ ᠳᠡᠭᠡᠭᠰᠢ ᠵᠣᠯᠭᠠᠭᠤᠯᠬᠤ ᠶᠢ ᠴᠢᠩᠭᠠᠳᠬᠠᠵᠤ᠂ ᠪᠡᠯᠡ ᠮᠥᠩᠭᠦ ᠶᠢ ᠢᠵᠢ ᠪᠦᠷᠢᠳᠦᠭᠦᠯᠬᠦ ᠶᠢ ᠰᠠᠶᠢᠲᠤᠷ ᠬᠢᠵᠦ᠂ ᠭᠠᠷ ᠭᠦᠢᠴᠡᠳᠬᠡᠯ ᠭᠦᠢᠴᠡᠳᠬᠡᠬᠦ ᠶᠢ ᠲᠦᠷᠭᠡᠳᠬᠡᠵᠦ᠂ ᠲᠤᠰᠬᠠᠢ ᠵᠢᠭᠡᠯᠡᠯᠭᠡ ᠶᠢᠨ ᠲᠦᠷᠦᠯ ᠵᠦᠢᠯ ᠢ ᠨᠡᠩ ᠲᠦᠷᠭᠡᠨ ᠢᠶᠠᠷ ᠭᠤᠶᠤᠴᠢᠯᠠᠨ ᠮᠡᠳᠡᠭᠦᠯᠵᠦ ᠬᠡᠷᠡᠭᠵᠢᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠵᠣᠬᠢᠴᠠᠭᠤᠯᠤᠨ ᠬᠠᠮᠵᠢᠯᠴᠠᠬᠤ ᠪᠠᠨ ᠴᠢᠩᠭᠠᠳᠬᠠᠵᠤ᠂ ᠡᠯ᠎ᠡ ᠵᠦᠶ᠋ᠯ ᠤᠨ ᠬᠠᠷᠠᠯᠲᠠ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠦ ᠂ ᠪᠥᠬᠦ ᠬᠦᠴᠦᠨ ᠢᠶᠠᠷ ᠢᠶᠠᠨ ᠬᠠᠮᠵᠢᠯᠴᠠᠨ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠴᠢᠬᠤᠯᠠ ᠨᠥᠬᠦᠴᠡᠯ ᠪᠦᠷᠢᠨ᠂ ᠮᠠᠲ᠋ᠧᠷᠢᠶᠠᠯ ᠪᠦᠷᠢᠨ ᠭᠦᠢᠴᠡᠳ ᠪᠠᠶᠢᠬᠤ ᠶᠢ ᠪᠡᠶᠡᠯᠡᠭᠦᠯᠦᠨ᠂ ᠲᠤᠰᠬᠠᠶ ᠵᠦᠢᠯ ᠤᠨ ᠵᠢᠭᠡᠯᠡᠯᠭᠡ ᠶᠢᠨ ᠲᠡᠮᠳᠡᠭᠲᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠶᠢᠨ ᠬᠤᠭᠤᠴᠠᠭᠠᠲᠤ ᠴᠢᠨᠠᠷ ᠪᠠ ᠠᠮᠵᠢᠯᠲᠠ ᠤᠯᠬᠤ ᠨᠣᠷᠮ᠎ᠠ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号