ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠲᠠᠪᠤᠳᠤᠭᠠᠷ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/18
ᠬᠤᠰᠢᠭᠤᠨ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠲᠠᠪᠤᠳᠤᠭᠠᠷ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ    9 ᠰᠠᠷ᠎ᠠ ᠶᠢᠨ 16 ᠤ ᠡᠳᠦᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠤᠯᠤᠰ ᠤᠨ ᠠᠮᠤᠷ ᠲᠦᠪᠰᠢᠨ ᠤ ᠵᠥᠪᠯᠡᠯ ᠤᠨ ᠲᠠᠪᠤᠳᠤᠭᠠᠷ ᠬᠤᠷᠠᠯ ᠵᠢᠴᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠮᠤᠷ ᠢ ᠬᠠᠮᠠᠭᠠᠯᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠶᠠᠨ᠂ ᠶᠠᠩ ᠸᠧᠨ ᠳ᠋ᠦᠩ᠂ ᠬᠠᠨ ᠸᠧᠶ ᠼᠠᠢ᠂ ᠰᠢᠶᠧ ᠶᠦᠨ ᠰᠥᠩ᠂ ᠵᠧᠩ ᠰᠢᠶᠠᠨ ᠬᠤᠶ᠂ ᠵᠢᠶᠠᠩ ᠯᠢ᠂ ᠸᠠᠩ ᠸᠧᠨ ᠬᠤᠤ ᠵᠢᠴᠢ ᠬᠠᠮᠢᠶ᠎ᠠ ᠪᠥᠬᠦᠶ ᠰᠢᠶᠠᠩ ᠪᠠᠯᠭᠠᠰᠤᠨ ᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠣᠷᠣᠯᠴᠠᠵᠠᠶ᠃    ᠹᠠᠩ ᠷᠦᠢ ᠵᠢᠭᠠᠵᠤ ᠭᠠᠷᠭᠠᠭᠰᠠᠨ ᠨᠢ᠂ ᠨᠠᠮ ᠤᠨ ᠬᠤᠷᠢᠳᠤᠭᠠᠷ ᠶᠡᠭᠡ ᠬᠤᠷᠠᠯ ᠪᠣᠯ ᠨᠠᠮ ᠪᠠ ᠤᠯᠤᠰ ᠤᠨ ᠤᠯᠤᠰ ᠲᠥᠷᠥ ᠶᠢᠨ ᠠᠮᠢᠳᠤᠷᠠᠯ ᠳᠠᠬᠢ ᠨᠢᠭᠡᠨ ᠲᠣᠮᠣ ᠶᠠᠪᠤᠳᠠᠯ᠂ ᠴᠢᠬᠤᠯᠠ ᠶᠠᠪᠤᠳᠠᠯ ᠪᠠ ᠪᠠᠶᠠᠷ ᠤᠨ ᠶᠠᠪᠤᠳᠠᠯ ᠮᠥᠨ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠪᠣᠯ ᠣᠳᠣᠬᠠᠨ ᠤ ᠬᠠᠮᠤᠭ ᠤᠨ ᠶᠡᠭᠡ ᠤᠯᠤᠰ ᠲᠥᠷᠥ ᠶᠢᠨ ᠡᠭᠦᠷᠭᠡ ᠮᠥᠨ᠃ ᠪᠦᠬᠦ ᠬᠤᠰᠢᠭᠤ ᠪᠠᠷ ᠢᠶᠠᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠢ ᠶᠢᠨ ᠫᠢᠩ ᠶᠡᠷᠦᠩᠬᠡᠶ ᠱᠦᠵᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠬᠢᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ ᠬᠤᠷᠢᠶ᠎ᠡ ᠪᠠ ᠥᠪᠡᠷᠲᠡᠭᠡᠨ ᠵᠠᠰᠠᠬᠤ ᠣᠷᠣᠨ᠂ ᠬᠤᠳᠠ ᠶᠢᠨ ᠨᠠᠮ ᠤᠨ ᠬᠤᠷᠢᠶ᠎ᠡ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠴᠢᠩᠭ᠎ᠠ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠷ ᠠᠮᠤᠷ ᠢ ᠬᠠᠮᠠᠭᠠᠯᠠᠵᠤ ᠲᠣᠭᠲᠠᠭᠤᠨ ᠢ ᠬᠠᠮᠠᠭᠠᠯᠠᠬᠤ ᠠᠵᠢᠯ ᠢ ᠰᠠᠶᠢᠲᠤᠷ ᠬᠢᠵᠦ᠂ ᠡᠨᠡ ᠤᠳᠠᠭ᠎ᠠ ᠶᠢᠨ ︽ᠤᠯᠤᠰ ᠲᠦᠷᠦ ᠶᠢᠨ ᠶᠡᠭᠡ ᠰᠢᠯᠭᠠᠯᠲᠠ︾ ᠳᠤ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠪᠠ᠃    ᠹᠠᠩ ᠷᠦᠢ ᠴᠢᠬᠤᠯᠠᠴᠢᠯᠠᠭᠰᠠᠨ ᠨᠢ᠂ ᠪᠥᠬᠦ ᠬᠤᠰᠢᠭᠤᠨ ᠤ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠪᠠᠨ ᠴᠢᠩᠭᠠᠳᠬᠠᠵᠤ᠂ ᠭᠤᠤᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠦᠨ᠂ ᠵᠠᠩᠭᠢᠯᠠᠭ᠎ᠠ ᠶᠢᠨ ᠭᠤᠭᠴᠤᠭ᠎ᠠ ᠶᠢ ᠲᠣᠳᠣᠷᠬᠠᠶᠢᠯᠠᠵᠤ᠂ ᠪᠥᠬᠦ ᠬᠤᠰᠢᠭᠤᠨ ᠤ ᠤᠯᠤᠰ ᠲᠥᠷᠥ ᠶᠢᠨ ᠠᠮᠤᠷ ᠲᠦᠪᠰᠢᠨ ᠪᠠ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠶ᠃ ᠬᠠᠷᠠᠯᠲᠠ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠭᠤᠣᠯᠳᠠᠯᠭ᠎ᠠ ᠪᠠᠨ ᠲᠤᠪᠤᠶᠢᠯᠭᠠᠵᠤ᠂ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠶᠢ ᠡᠯ᠎ᠡ ᠬᠦᠷᠢᠶᠡᠨ ᠤ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠠᠷᠭᠠᠴᠠᠬᠤ ᠲᠡᠷᠢᠭᠦᠨ ᠴᠢᠬᠤᠯᠠ ᠡᠭᠦᠷᠭᠡ ᠪᠣᠯᠭᠠᠵᠤ᠂ ᠵᠥᠷᠢᠴᠡᠯ ᠵᠠᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠦᠨᠡᠨ ᠰᠡᠳᠬᠢᠯ ᠠᠴᠠ ᠪᠠᠨ ᠬᠦᠴᠦ ᠲᠠᠯᠪᠢᠨ ᠥᠷᠨᠢᠭᠦᠯᠬᠦ ᠬᠡᠷᠡᠭᠲᠡᠢ᠃ᠹᠠᠩ ᠷᠦᠢ ᠱᠠᠭᠠᠷᠳᠠᠭᠰᠠᠨ ᠨᠢ᠂ ᠪᠥᠬᠦ ᠬᠤᠰᠢᠭᠤᠨ ᠤ ᠡᠯ᠎ᠡ ᠨᠢᠭᠡᠴᠡ ᠡᠯ᠎ᠡ ᠰᠠᠯᠠᠭ᠎ᠠ ᠮᠥᠴᠢᠷ ᠡᠷᠬᠡᠪᠰᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠷᠢᠭ᠎ᠠ ᠱᠤᠭᠤᠮ ᠤᠨ ᠤᠬᠠᠮᠰᠠᠷ ᠢ ᠪᠠᠲᠤ ᠪᠣᠶ ᠪᠣᠯᠭᠠᠵᠤ᠂ ᠠᠮᠤᠷ ᠲᠣᠭᠲᠠᠭᠤᠨ ᠢ ᠬᠠᠮᠠᠭᠠᠯᠠᠬᠤ ᠤᠯᠤᠰ ᠲᠥᠷᠥ ᠶᠢᠨ ᠬᠠᠷᠢᠭᠤᠴᠠᠯᠭ᠎ᠠ᠂ ᠭᠤᠤᠯ ᠴᠣᠭᠴᠠ ᠶᠢᠨ ᠬᠠᠷᠢᠭᠤᠴᠠᠯᠭ᠎ᠠ᠂ ᠬᠠᠷᠢᠶᠠᠲᠤ ᠣᠷᠣᠨ ᠤ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠬᠠᠮᠤᠭ ᠤᠨ ᠴᠢᠩᠭ᠎ᠠ ᠡᠭᠦᠷᠭᠡᠯᠡᠯ᠂ ᠬᠠᠮᠤᠭ ᠤᠨ ᠥᠨᠳᠥᠷ ᠪᠠᠷᠢᠮᠵᠢᠶ᠎ᠠ᠂ ᠬᠠᠮᠤᠭ ᠤᠨ ᠴᠢᠩᠭ᠎ᠠ ᠠᠷᠭ᠎ᠠ ᠬᠡᠮᠵᠢᠶ᠎ᠡ ᠪᠠᠷ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠤᠷ ᠲᠦᠪᠰᠢᠨ ᠢ ᠬᠠᠮᠠᠭᠠᠯᠠᠬᠤ᠂ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠠᠮᠤᠷ ᠲᠦᠪᠰᠢᠨ ᠲᠣᠭᠲᠠᠭᠤᠨ ᠤᠯᠤᠰ ᠲᠥᠷᠥ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号