ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ 2022 ᠣᠨ ᠤ ᠬᠤᠰᠢᠭᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠵᠢᠴᠢ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/23
ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ 2022 ᠣᠨ ᠤ ᠬᠤᠰᠢᠭᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠵᠢᠴᠢ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ    9 ᠰᠠᠷ᠎ᠠ ᠶᠢᠨ 20 ᠦ  ᠦᠳᠡ  ᠶᠢᠨ  ᠬᠤᠢᠨ᠎ᠠ ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ 2022 ᠣᠨ ᠤ ᠬᠤᠰᠢᠭᠤ ᠨᠠᠮ ᠤᠨ ᠬᠤᠷᠢᠶ᠎ᠠ ᠶᠢᠨ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠶᠠᠳᠤᠭᠠᠷ ᠤᠳᠠᠭ᠎ᠠ ᠵᠢᠴᠢ ᠪᠥᠬᠦ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠤᠳᠤᠷᠢᠳᠤᠯᠭ᠎ᠠ ᠵᠠᠩ ᠶᠠᠨ᠂ ᠰᠢᠤᠢ ᠵᠢᠶᠠᠨ ᠬᠤᠶ᠂ ᠵᠦ ᠬᠤᠩ ᠲᠦ᠋᠂ ᠶᠠᠩ ᠸᠧᠨ ᠳ᠋ᠦᠩ᠂ ᠸᠠᠩ ᠯᠢ ᠭᠦᠸᠧ ᠂ ᠰᠢᠶᠤ ᠶᠦᠨ ᠰᠥᠩ᠂ ᠸᠠᠩ ᠸᠧᠨ ᠬᠤᠤ ᠣᠷᠣᠯᠴᠠᠵᠠᠶ᠃    ᠬᠤᠷᠠᠯ ᠠᠴᠠ ᠰᠤᠷᠭᠠᠨ ᠬᠥᠮᠦᠵᠢᠯ ᠤᠨ ᠲᠤᠪᠴᠢᠶ᠎ᠡ ᠶᠢᠨ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠪᠠᠶᠢᠳᠠᠯ ᠪᠣᠯᠤᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠳᠤ ᠴᠢᠭᠯᠡᠭᠦᠯᠦᠨ᠂ ᠹᠠᠩ ᠷᠦᠢ ᠵᠢᠭᠠᠵᠤ ᠭᠠᠷᠭᠠᠭᠰᠠᠨ ᠨᠢ᠂ ᠡᠯ᠎ᠡ ᠰᠤᠷᠭᠠᠭᠤᠯᠢ ᠨᠤᠭᠤᠳ ︽ᠠᠮᠤᠷ ᠲᠦᠪᠰᠢᠨ ᠢ ᠠᠳᠬᠤᠬᠤ ᠪᠣᠯ ᠳᠠᠷᠤᠶ ᠰᠤᠷᠭᠠᠨ ᠬᠥᠮᠦᠵᠢᠯ ᠢ ᠠᠳᠬᠤᠬᠤ ᠶᠠᠪᠤᠳᠠᠯ ᠮᠥᠨ᠂ ᠲᠣᠭᠲᠠᠭᠤᠨ ᠪᠠᠶᠢᠳᠠᠯ ᠢ ᠠᠳᠬᠤᠬᠤ ᠪᠣᠯ ᠳᠠᠷᠤᠶ ᠬᠥᠭᠵᠢᠯᠲᠡ ᠶᠢ ᠠᠳᠬᠤᠬᠤ ᠶᠠᠪᠤᠳᠠᠯ ᠮᠥᠨ︾ ᠭᠡᠬᠦ ᠠᠮᠤᠷ ᠲᠦᠪᠰᠢᠨ ᠤ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠮᠤᠷ ᠲᠦᠪᠰᠢᠨ ᠤ ᠬᠥᠮᠦᠵᠢᠯ ᠪᠠ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠡᠯ᠎ᠡ ᠵᠦᠢᠯ ᠤᠨ ᠠᠵᠢᠯ ᠳᠤ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠶ᠃ ᠠᠮᠤᠷ ᠲᠦᠪᠰᠢᠨ ᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃    ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ ᠰᠠᠶᠢᠲᠤᠷ ᠬᠢᠬᠦ ᠳᠤ᠂ ᠱᠦᠵᠢ ᠪᠣᠯ ᠨᠢᠭᠡᠳᠦᠭᠡᠷ ᠬᠠᠷᠢᠭᠤᠴᠠᠯᠭᠠᠲᠠᠨ ᠮᠥᠨ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠢ ᠪᠥᠬᠦ ᠲᠠᠯ᠎ᠠ ᠪᠠᠷ ᠬᠠᠷᠢᠭᠤᠴᠠᠨ᠎ᠠ︔ ᠰᠤᠷᠭᠠᠭᠤᠯᠢ ᠶᠢᠨ ᠵᠠᠬᠢᠷᠤᠯ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠳᠤ ᠰᠢᠭᠤᠳ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠪᠤᠰᠤᠳ ᠪᠠᠭ ᠤᠨ ᠪᠦᠷᠢᠯᠳᠦᠬᠦᠨ ᠠᠵᠢᠯ ᠤᠨ ᠬᠤᠪᠢᠶᠠᠷᠢᠯᠠᠯ ᠶᠣᠰᠣᠭᠠᠷ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠠᠬᠢ ᠠᠮᠤᠷ ᠲᠦᠪᠰᠢᠨ ᠤ ᠠᠵᠢᠯ ᠳᠤ ᠤᠳᠤᠷᠢᠳᠬᠤ ᠬᠠᠷᠢᠭᠤᠴᠠᠯᠭ᠎ᠠ ᠶᠢ ᠡᠭᠦᠷᠭᠡᠯᠡᠵᠦ᠂ ᠰᠤᠷᠭᠠᠭᠤᠯᠢ ᠶᠢᠨ ᠠᠮᠤᠷ ᠲᠦᠪᠰᠢᠨ ᠤ ᠠᠵᠢᠯ ᠤᠨ ᠬᠠᠷᠢᠭᠤᠴᠠᠯᠭ᠎ᠠ ᠶᠢ ᠠᠵᠢᠯ ᠤᠨ ᠪᠠᠶᠢᠷᠢ ᠪᠠ ᠬᠥᠮᠦᠨ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃    ᠹᠠᠩ ᠷᠦᠢ ᠵᠢᠭᠠᠵᠤ ᠭᠠᠷᠭᠠᠭᠰᠠᠨ ᠨᠢ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠰᠤᠷᠭᠠᠭᠤᠯᠢ ᠶᠢᠨ ᠱᠦᠵᠢ ᠪᠣᠯ ᠰᠤᠷᠭᠠᠭᠤᠯᠢ ᠶᠢᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ᠂ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠤᠨ ᠬᠥᠮᠦᠵᠢᠯ ᠢ ᠨᠢᠭᠡ ᠵᠦᠢᠯ ᠤᠨ ᠴᠢᠬᠤᠯᠠ ᠠᠭᠤᠯᠭ᠎ᠠ ᠪᠣᠯᠭᠠᠨ᠂ ᠲᠡᠷᠢᠭᠦᠨ ᠪᠠᠶᠢᠷᠢᠨ ᠳᠤ ᠲᠠᠯᠪᠢᠵᠤ᠂ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠶ᠃ ᠪᠠᠭᠰᠢ ᠶᠢᠨ ᠶᠣᠰᠣ ᠮᠣᠷᠠᠯ ᠢ ᠬᠢᠨᠠᠨ ᠰᠢᠯᠭᠠᠬᠤ ᠡᠷᠴᠢᠮ ᠢ ᠴᠢᠩᠭᠠᠷᠠᠭᠤᠯᠬᠤ ᠬᠡᠷᠡᠭᠲᠡᠶ᠃ ᠡᠯ᠎ᠡ ᠰᠤᠷᠭᠠᠭᠤᠯᠢ ᠨᠤᠭᠤᠳ ᠪᠠᠭᠰᠢ ᠶᠢᠨ ᠶᠣᠰᠣ ᠮᠣᠷᠠᠯ ᠢ ᠬᠢᠨᠠᠨ ᠰᠢᠯᠭᠠᠵᠤ ᠦᠨᠡᠯᠡᠬᠦ ᠪᠠ ᠱᠠᠩᠨᠠᠵᠤ ᠲᠣᠷᠭᠠᠬᠤ ᠲᠣᠭᠲᠠᠴᠠ ᠶᠢ ᠤᠯᠠᠮ ᠨᠢᠭᠡ ᠠᠯᠬᠤᠮ ᠰᠠᠶᠢᠵᠢᠷᠠᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠢ ᠬᠢᠨᠠᠨ ᠰᠢᠯᠭᠠᠬᠤ ᠳᠤ ︽ᠨᠢᠭᠡ ᠪᠢᠯᠸᠲ ᠪᠠᠷ ᠦᠭᠡᠶᠢᠰᠬᠡᠬᠦ ᠲᠦᠷᠢᠮ︾ ᠢ ᠬᠡᠷᠡᠭᠵᠢᠭᠦᠯᠬᠦ ᠬᠡᠷᠡᠭᠲᠡᠶ᠃ ᠪᠠᠭᠰᠢ ᠶᠢᠨ ᠶᠣᠰᠣ ᠮᠣᠷᠠᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠠᠪᠴᠠᠩ ᠢ ᠪᠠᠶᠢᠭᠤᠯᠬᠤ ᠬᠡᠷᠡᠭᠲᠡᠶ᠃ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠲᠠᠪᠴᠠᠩ ᠢ ᠪᠠᠶᠢᠭᠤᠯᠵᠤ᠂ ᠰᠤᠷᠭᠠᠭᠤᠯᠢ᠂ ᠪᠠᠭᠰᠢ᠂ ᠰᠣᠷᠣᠭᠴᠢ᠂ ᠬᠡᠷ ᠤᠨ ᠠᠬᠠᠮᠠᠳ ᠪᠠ ᠨᠡᠶᠢᠭᠡᠮ ᠤᠨ ᠣᠯᠠᠨ ᠲᠠᠯ᠎ᠠ ᠶᠢᠨ ᠣᠷᠣᠯᠴᠠᠭᠰᠠᠨ ᠪᠠᠭᠰᠢ ᠶᠢᠨ ᠮᠣᠷᠠᠯ ᠪᠠᠭᠰᠢ ᠶᠢᠨ ᠰᠤᠷᠲᠠᠯ ᠳᠤ ᠬᠢᠨᠠᠯᠲᠠ ᠲᠠᠯᠪᠢᠬᠤ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠦ᠂ ᠪᠠᠭᠰᠢ ᠶᠢᠨ ᠮᠣᠷᠠᠯ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠬᠦ ᠵᠠᠬᠢᠳᠠᠯ ᠤᠨ ᠬᠠᠶᠢᠷᠴᠠᠭ ᠢ ᠪᠠᠶᠢᠭᠤᠯᠵᠤ᠂ ᠡᠯ᠎ᠡ ᠵᠦᠢᠯ ᠤᠨ ᠰᠠᠨᠠᠯ ᠢ ᠥᠷᠭᠡᠨ ᠢᠶᠠᠷ ᠬᠤᠷᠢᠶᠠᠨ ᠴᠤᠭᠯᠠᠭᠤᠯᠬᠤ ᠬᠡᠷᠡᠭᠲᠡᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号