ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠢ ᠴᠡᠭᠴᠡᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/23
ᠬᠤᠰᠢᠭᠤ ᠨᠠᠮ ᠤᠨ ᠬᠤᠷᠢᠶ᠎ᠠ ᠶᠢᠨ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭᠠᠨ ᠤ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠢ ᠴᠡᠭᠴᠡᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ    9 ᠰᠠᠷ᠎ᠠ ᠶᠢᠨ 21 ᠤ ᠡᠳᠦᠷ ᠤᠨ ᠦᠳᠡ ᠶᠢᠨ ᠬᠤᠶᠢᠨ᠎ᠠ᠂  ᠬᠤᠰᠢᠭᠤ ᠨᠠᠮ ᠤᠨ ᠬᠤᠷᠢᠶᠠᠨ ᠤ ᠱᠦᠵᠢ ᠹᠠᠩ ᠷᠦᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠤᠷᠪᠠᠳᠤᠭᠠᠷ ᠤᠳᠠᠭ᠎ᠠ ᠶᠢᠨ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠢ ᠴᠡᠭᠴᠡᠯᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠰᠢᠤᠢ ᠵᠢᠶᠠᠨ ᠬᠤᠶ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠤ ᠬᠤᠩ ᠲᠦ᠋᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠯᠪᠠᠨ ᠬᠡᠷ ᠤᠨ ᠡᠷᠬᠢᠯᠡᠭᠴᠢ ᠶᠠᠩ ᠸᠧᠨ ᠳ᠋ᠦᠩ ᠬᠤᠷᠠᠯ ᠳᠤ ᠣᠷᠣᠯᠴᠠᠵᠠᠶ᠃    ᠬᠤᠷᠠᠯ ᠠᠴᠠ ᠤᠬᠠᠭᠤᠯᠭ᠎ᠠ ᠬᠥᠮᠦᠵᠢᠯ ᠤᠨ ᠳᠤᠭᠤᠶᠢᠯᠠᠩ᠂ ᠭᠤᠣᠯᠳᠠᠯᠭ᠎ᠠ ᠲᠠᠢ ᠠᠵᠢᠯ ᠤᠨ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠲᠤᠰᠬᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠪᠥᠬᠦ ᠬᠤᠰᠢᠭᠤᠨ ᠤ ︽ᠵᠢᠷᠭᠤᠭ᠎ᠠ ᠶᠢ ᠵᠠᠰᠠᠵᠤ ᠵᠢᠷᠭᠤᠭ᠎ᠠ ᠶᠢ ᠠᠬᠢᠭᠤᠯᠬᠤ︾ ᠺᠠᠳ᠋ᠷ ᠤᠨ ᠰᠤᠷᠲᠠᠯ ᠤᠨ ᠴᠡᠭᠴᠡᠯᠡᠯᠲᠡ ᠶᠢᠨ ᠱᠠᠲᠤᠴᠢ ᠴᠢᠨᠠᠷᠲᠠᠶ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ︔ ᠲᠠᠷᠠᠭᠠᠴᠢ ᠶᠢᠨ ᠱᠠᠲᠤᠨ ᠤ ᠠᠵᠢᠯ ᠢ ᠲᠠᠬᠢᠨ ᠲᠣᠬᠢᠷᠠᠭᠤᠯᠵᠤ᠂ ᠲᠠᠬᠢᠨ ᠪᠠᠢᠷᠢᠯᠠᠭᠤᠯᠤᠪᠠ᠃    ᠹᠠᠩ ᠷᠦᠢ ᠵᠢᠭᠠᠵᠤ ᠭᠠᠷᠭᠠᠭᠰᠠᠨ ᠨᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠡᠨᠡᠬᠦ ᠠᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠪᠣᠯᠤᠨ ᠣᠨᠴᠠᠭᠠᠶ ᠠᠬᠤᠶ ᠪᠠᠶᠢᠳᠠᠯ ᠢ ᠡᠷᠬᠡᠪᠰᠢ ᠰᠡᠷᠭᠡᠭ ᠢᠶᠠᠷ ᠲᠠᠨᠢᠵᠤ᠂ ᠨᠠᠮ ᠤᠨ ᠭᠡᠰᠢᠭᠦᠨ ᠺᠠᠳ᠋ᠷᠴᠤᠳ ᠤᠨ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠭᠰᠡᠨ ᠬᠡᠷᠡᠭ᠂ ᠰᠢᠰᠲ᠋ᠧᠮ ᠤᠨ ᠰᠠᠯᠠᠭ᠎ᠠ ᠮᠥᠴᠢᠷ ᠤᠨ ᠳᠤᠷ᠎ᠠ ᠲᠠᠪᠠ ᠪᠠᠷ ᠢᠶᠠᠨ ᠦᠢᠯᠡᠳᠬᠦ ᠵᠡᠷᠭᠡ ᠲᠣᠪᠤᠶᠢᠮ᠎ᠠ ᠠᠰᠠᠭᠤᠳᠠᠯ ᠤᠨ ᠬᠦᠨᠳᠦ ᠨᠣᠴᠢᠲᠠᠶ ᠰᠢᠨᠵᠢ ᠴᠢᠨᠠᠷ ᠪᠣᠯᠤᠨ ᠮᠠᠭᠤ ᠨᠥᠯᠥᠭᠡ ᠶᠢ ᠭᠦᠢᠴᠡᠳ ᠲᠠᠨᠢᠬᠤ ᠬᠡᠷᠡᠭᠲᠡᠶ᠃ ᠲᠣᠰ ᠤᠳᠠᠭᠠᠨ ᠤ ᠰᠤᠷᠲᠠᠯ ᠤᠨ ᠴᠡᠭᠴᠡᠯᠡᠯᠲᠡ ᠪᠠᠷ ᠠᠵᠠ ᠲᠣᠬᠢᠶᠠᠯ ᠪᠣᠯᠭᠠᠵᠤ᠂ ᠨᠠᠮ ᠤᠨ ᠰᠤᠷᠲᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ ᠂ ᠰᠤᠷᠲᠠᠯ ᠪᠠ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠨᠡᠶᠢᠭᠡᠮ ᠳᠠᠶᠠᠭᠠᠷ ᠲᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠮᠢ ᠠᠬᠤᠶ ᠪᠠ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃    ᠹᠠᠩ ᠷᠦᠢ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠠᠵᠢᠯ ᠢᠶᠠᠨ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠤᠷᠲᠠᠯ ᠢ ᠴᠡᠭᠴᠡᠯᠡᠬᠦ ᠠᠵᠢᠯ ᠲᠠᠢ ᠤᠶᠠᠯᠳᠤᠭᠤᠯᠤᠨ ᠨᠠᠮ ᠤᠨ ᠭᠡᠰᠢᠭᠦᠨ ᠺᠠᠳ᠋ᠷᠴᠤᠳ ᠤᠨ ᠠᠵᠢᠯ ᠬᠢᠵᠦ ᠦᠢᠯᠡᠰ ᠴᠣᠭᠴᠠᠯᠠᠬᠤ ᠴᠤᠭ ᠰᠦᠯᠳᠡ ᠶᠢ ᠤᠯᠠᠮ ᠨᠢᠭᠡ ᠠᠯᠬᠤᠮ ᠬᠥᠭᠵᠢᠭᠡᠨ ᠪᠠᠳᠠᠷᠠᠭᠤᠯᠵᠤ᠂ ᠺᠠᠳ᠋ᠷᠴᠤᠳ ᠤᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠶᠢ ᠤᠷᠮᠠᠰᠢᠭᠤᠯᠤᠨ ᠵᠣᠷᠢᠭᠵᠢᠭᠤᠯᠵᠤ᠂ ᠠᠵᠢᠯ ᠤᠨ ᠠᠬᠢᠴᠠ ᠶᠢᠨ ᠳᠤᠮᠳᠠ ᠺᠠᠳ᠋ᠷ ᠢ ᠰᠢᠯᠭᠠᠨ ᠪᠠᠶᠢᠴᠠᠭᠠᠵᠤ ᠢᠯᠭᠠᠨ ᠲᠠᠨᠢᠬᠤ᠂ ᠰᠢᠯᠢᠨ ᠳᠡᠪᠰᠢᠭᠦᠯᠵᠦ ᠬᠡᠷᠡᠭᠯᠡᠬᠦ ᠶᠢ ᠴᠢᠬᠤᠯᠠᠴᠢᠯᠠᠬᠤ ᠬᠡᠷᠡᠭᠲᠡᠶ ᠭᠡᠵᠡᠶ᠃ ᠦᠢᠯᠡᠳᠦᠯᠭᠡᠵᠢᠭᠦᠯᠵᠦ ᠪᠣᠳᠠᠲᠠᠢ ᠠᠵᠢᠯᠯᠠᠨ ᠪᠣᠳᠠᠲᠠᠢ ᠦᠷ᠎ᠡ ᠪᠦᠲᠦᠮᠵᠢ ᠤᠯᠬᠤ ᠶᠢ ᠪᠠᠷᠢᠮᠲᠠᠯᠠᠵᠤ᠂ ᠬᠥᠮᠦᠨ ᠰᠢᠯᠭᠠᠬᠤ ᠪᠠ ᠬᠡᠷᠡᠭ ᠶᠠᠪᠤᠳᠠᠯ ᠢ ᠰᠢᠯᠭᠠᠬᠤ ᠶᠢ ᠤᠶᠠᠯᠳᠤᠭᠤᠯᠵᠤ᠂ ᠪᠡᠯᠡᠳᠬᠡᠯ ᠺᠠᠳ᠋ᠷ ᠤᠨ ᠢᠷᠡᠯᠳᠡ ᠶᠢ ᠨᠥᠭᠡᠴᠡᠯᠡᠬᠦ᠂ ᠬᠥᠮᠦᠵᠢᠭᠦᠯᠦᠨ ᠪᠣᠯᠪᠠᠰᠤᠷᠠᠭᠤᠯᠬᠤ᠂ ᠡᠳᠦᠷ ᠲᠤᠳᠤᠮ ᠤᠨ ᠬᠠᠮᠢᠶᠠᠷᠤᠯᠲᠠ᠂ ᠰᠢᠯᠢᠨ ᠰᠣᠩᠭᠤᠵᠤ ᠬᠡᠷᠡᠭᠯᠡᠬᠦ ᠳᠤ ᠭᠦᠢᠴᠡᠳ ᠪᠡᠯᠡᠳᠬᠡᠯ ᠬᠢᠬᠦ ᠬᠡᠷᠡᠭᠲᠡᠢ᠃    ᠰᠤᠷᠤᠯᠴᠠᠯᠭ᠎ᠠ ᠪᠠᠨ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠯᠠᠩᠭᠤᠶ᠎ᠠ ᠭᠠᠵᠠᠷ ᠣᠷᠣᠨ᠂ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠤᠨᠤᠯ ᠤᠨ ᠰᠤᠷᠤᠯᠴᠠᠯᠭ᠎ᠠ ᠪᠠᠨ ᠴᠢᠩᠭᠠᠳᠬᠠᠵᠤ᠂ ᠨᠠᠮ ᠤᠨ ᠲᠦᠷᠢᠮ᠂ ᠨᠠᠮ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ ᠲᠦᠷᠢᠮ ᠢ ᠰᠤᠷᠤᠯᠴᠠᠯᠭ᠎ᠠ ᠶᠢᠨ ᠡᠭᠦᠷᠭᠡ ᠳᠤ ᠣᠷᠣᠭᠤᠯᠬᠤ ᠬᠡᠷᠡᠭᠲᠡᠢ᠃ ᠡᠷᠬᠡᠪᠰᠢ ᠤᠯᠤᠰ ᠲᠥᠷᠥ ᠪᠠ ᠠᠵᠤ ᠠᠬᠤᠶ᠂ ᠬᠥᠭᠵᠢᠯᠲᠡ ᠪᠠ ᠠᠷᠠᠳ ᠤᠨ ᠠᠮᠢᠳᠤᠷᠠᠯ ᠵᠡᠷᠭᠡ ᠣᠯᠠᠨ ᠲᠠᠯ᠎ᠠ ᠶᠢᠨ ᠬᠦᠴᠦᠨ ᠵᠦᠢᠯ ᠢ ᠶᠡᠷᠦᠩᠬᠡᠶᠢᠯᠡᠨ ᠪᠣᠳᠣᠯᠬᠢᠯᠠᠵᠤ᠂ ᠠᠵᠤ ᠠᠬᠤᠶ ᠶᠢᠨ ᠮᠡᠳᠡᠯᠭᠡ᠂ ᠬᠠᠤᠯᠢ ᠴᠠᠭᠠᠵᠠ ᠶᠢᠨ ᠮᠡᠳᠡᠯᠭᠡ᠂ ᠠᠯᠪᠠᠨ ᠪᠢᠴᠢᠭ ᠰᠢᠢᠳᠪᠦᠷᠢᠯᠡᠬᠦ ᠵᠡᠷᠭᠡ ᠲᠤᠰᠬᠠᠶ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠵᠢᠯ ᠦᠢᠯᠡᠰ ᠤᠨ ᠬᠥᠭᠵᠢᠯᠲᠡ ᠳᠤ ᠶᠠᠭᠤ ᠪᠠᠴᠢᠮ ᠬᠡᠷᠡᠭᠴᠡᠭᠡ ᠲᠠᠢ ᠪᠣᠯ ᠲᠡᠭᠦᠨ ᠢ ᠪᠣᠯᠪᠠᠰᠤᠷᠠᠭᠤᠯᠬᠤ᠂ ᠺᠠᠳ᠋ᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ᠂ ᠡᠷᠡᠭᠦᠯ ᠢᠶᠠᠷ ᠦᠰᠦᠨ ᠪᠤᠶᠢᠵᠢᠬᠤ ᠳᠤ ᠶᠠᠭᠤ ᠬᠡᠷᠡᠭᠴᠡᠭᠡ ᠲᠠᠢ ᠪᠣᠯ ᠲᠡᠭᠦᠨ ᠢ ᠪᠣᠯᠪᠠᠰᠤᠷᠠᠭᠤᠯᠬᠤ ᠶᠢ ᠦᠨᠡᠨ ᠬᠦ ᠪᠠᠲᠤᠯᠠᠵᠤ᠂ ᠺᠠᠳ᠋ᠷ ᠨᠢᠭᠡᠪᠦᠷᠢ ᠶᠢᠨ ᠯᠠᠪᠳᠠᠭᠤᠨ ᠪᠠᠲᠤᠲᠠᠶ ᠰᠢᠯᠭᠠᠷᠠᠭᠰᠠᠨ ᠴᠢᠳᠠᠪᠤᠷᠢ ᠪᠠᠷ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠶ᠃ ᠬᠢᠨᠠᠯᠲᠠ ᠲᠠᠯᠪᠢᠵᠤ ᠰᠠᠬᠢᠯᠭ᠎ᠠ ᠪᠠᠲᠤ ᠶᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠵᠤ᠂ ᠲᠣᠰ ᠤᠳᠠᠭᠠᠨ ᠤ ᠰᠤᠷᠲᠠᠯ ᠤᠨ ᠴᠡᠭᠴᠡᠯᠡᠯᠲᠡ ᠶᠢᠨ ᠠᠵᠢᠯ ᠢ ᠣᠨ ᠤ ᠬᠢᠨᠠᠨ ᠰᠢᠯᠭᠠᠯᠲᠠ ᠶᠢᠨ ᠴᠢᠬᠤᠯᠠ ᠬᠤᠪᠢ ᠲᠣᠭᠲᠠᠭᠠᠬᠤ ᠭᠦᠢᠴᠡᠳᠬᠡᠯ ᠲᠤᠭ᠎ᠠ ᠪᠣᠯᠭᠠᠵᠤ᠂ ᠳᠠᠶᠢᠴᠢᠯᠠᠯᠲᠠ ᠪᠠᠶᠢᠷᠢᠯᠠᠭᠤᠯᠤᠯᠲᠠ ᠨᠢ ᠤᠳᠠᠭᠠᠨ᠂ ᠠᠬᠢᠴᠠ ᠨᠢ ᠤᠳᠠᠭᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠪᠠᠶᠢᠪᠠᠯ᠂ ᠴᠠᠭ ᠲᠤᠬᠠᠶ ᠳᠤᠨᠢ ᠵᠠᠷᠯᠠᠨ ᠰᠢᠭᠦᠮᠵᠢᠯᠡᠵᠦ᠂ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃    ᠵᠥᠪ ᠨᠠᠵᠠᠭᠠᠢ ᠲᠠᠯ᠎ᠠ ᠶᠢᠨ ᠤᠬᠠᠭᠤᠯᠭ᠎ᠠ ᠮᠡᠳᠡᠭᠡᠯᠡᠯ ᠢ ᠴᠢᠩᠭᠠᠳᠬᠠᠬᠤ ᠳᠤ᠂ ᠨᠢᠭᠡ ᠲᠠᠯ᠎ᠠ ᠪᠠᠷ᠂ ︽ᠪᠤᠯᠬᠢ᠂ ᠵᠠᠯᠬᠠᠭᠤ᠂ ᠵᠠᠳᠠᠭᠠᠢ᠂ ᠬᠡᠶᠢᠰᠪᠦᠷᠢ᠂ ᠪᠦᠷᠢᠯᠭᠡᠮᠡᠲᠡᠭᠡᠢ᠂ ᠰᠠᠮᠠᠭᠤᠨ︾ ᠢ ᠴᠡᠭᠴᠡᠯᠡᠨ ᠵᠠᠰᠠᠬᠤ ᠳᠤᠮᠳᠠ ᠡᠰᠡᠷᠭᠦ ᠲᠠᠯ᠎ᠠ ᠶᠢᠨ ᠨᠡᠶᠢᠲᠡᠯᠢᠭ ᠵᠢᠱᠢᠶ᠎ᠡ ᠶᠢ ᠠᠳᠬᠤᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ ᠲᠤᠯᠢ ᠪᠣᠯᠭᠠᠵᠤ᠂ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠦ᠂ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ ᠂ ᠪᠠᠶᠢᠴᠠᠭᠠᠨ ᠦᠵᠡᠵᠦ᠂ ᠲᠤᠪᠤᠶᠢᠮ᠎ᠠ ᠠᠰᠠᠭᠤᠳᠠᠯ ᠢ ᠦᠨᠡᠨᠬᠦ ᠵᠠᠯᠠᠷᠠᠭᠤᠯᠤᠨ ᠵᠠᠰᠠᠬᠤ ᠪᠠᠷ ᠬᠥᠮᠦᠵᠢᠭᠦᠯᠬᠦ ᠬᠡᠷᠡᠭᠲᠡᠢ︔ ᠡᠭᠦᠨ ᠳᠤ ᠵᠥᠪ ᠪᠤᠷᠤᠭᠤ ᠲᠠᠯ᠎ᠠ ᠶᠢᠨ ᠤᠬᠠᠭᠤᠯᠭ᠎ᠠ ᠮᠡᠳᠡᠭᠡᠯᠡᠯ ᠢ ᠴᠢᠩᠭᠠᠳᠬᠠᠵᠤ᠂ ᠪᠦᠬᠦ ᠲᠠᠯ᠎ᠠ ᠪᠠᠷ ᠪᠠᠶᠢᠴᠠᠭᠠᠨ ᠳᠡᠯᠭᠡᠵᠦ᠂ ᠪᠠᠶᠢᠴᠠᠭᠠᠨ ᠦᠵᠡᠵᠦ᠂ ᠲᠤᠪᠤᠶᠢᠮ᠎ᠠ ᠠᠰᠠᠭᠤᠳᠠᠯ ᠢ ᠦᠨᠡᠨᠬᠦ ᠵᠠᠯᠠᠷᠠᠭᠤᠯᠤᠨ ᠵᠠᠰᠠᠬᠤ ᠬᠡᠷᠡᠭᠲᠡᠢ︔ ᠨᠥᠭᠦᠭᠡ ᠲᠠᠯ᠎ᠠ ᠪᠠᠷ᠂ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢᠨ ᠳᠠᠪᠠᠭᠤᠯᠢᠭ ᠢ ᠪᠠᠳᠠᠷᠠᠭᠤᠯᠵᠤ᠂ ᠪᠥᠬᠦ ᠬᠤᠰᠢᠭᠤᠨ ᠤ ᠨᠠᠮ ᠤᠨ ᠪᠠᠶᠢᠭᠤᠯᠤᠯᠲᠠ᠂ ᠠᠵᠤ ᠠᠬᠤᠶ ᠨᠡᠶᠢᠭᠡᠮ ᠤᠨ ᠬᠥᠭᠵᠢᠯᠲᠡ᠂ ᠭᠤᠤᠯᠳᠠᠯᠭ᠎ᠠ ᠲᠠᠢ ᠲᠥᠷᠥᠯ ᠵᠦᠢᠯ ᠤᠨ ᠪᠠᠶᠢᠭᠤᠯᠤᠯᠲᠠ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠠᠷᠯᠠᠭᠤᠰᠢᠲᠠᠶ ᠦᠷ᠎ᠡ ᠪᠦᠲᠦᠭᠡᠯ ᠢ ᠳᠡᠯᠭᠡᠨ ᠦᠵᠡᠭᠦᠯᠵᠦ᠂ ᠥᠷᠭᠡᠨ ᠣᠯᠠᠨ ᠺᠠᠳ᠋ᠷ ᠣᠯᠠᠨ ᠲᠦᠮᠡᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠢᠲᠡᠭᠡᠯ ᠵᠣᠷᠢᠭ ᠢ ᠤᠯᠠᠮ ᠨᠢᠭᠡ ᠠᠯᠬᠤᠮ ᠪᠠᠲᠤᠳᠬᠠᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号