ᠪᠠᠭ᠎ᠠ ᠨᠡᠭᠦᠴᠡ ᠪᠠᠯᠭᠠᠰᠤ᠄ ︽ᠶᠠᠳᠠᠭᠤ ᠶᠢ ᠰᠡᠷᠭᠡᠶᠢᠯᠡᠵᠦ ᠶᠠᠳᠠᠭᠤ ᠶᠢ ᠬᠠᠮᠠᠭᠠᠯᠠᠬᠤ︾ ᠠᠷᠭ᠎ᠠ ᠪᠠᠷ ︽ᠶᠠᠳᠠᠭᠤ ᠶᠢ ᠰᠡᠷᠭᠡᠶᠢᠯᠡᠬᠦ ᠬᠠᠰᠢᠯᠭ᠎ᠠ︾ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2022/9/26
ᠪᠠᠭ᠎ᠠ ᠨᠡᠭᠦᠴᠡ ᠪᠠᠯᠭᠠᠰᠤ᠄ ︽ᠶᠠᠳᠠᠭᠤ ᠶᠢ ᠰᠡᠷᠭᠡᠶᠢᠯᠡᠵᠦ ᠶᠠᠳᠠᠭᠤ ᠶᠢ ᠬᠠᠮᠠᠭᠠᠯᠠᠬᠤ︾ ᠠᠷᠭ᠎ᠠ ᠪᠠᠷ ︽ᠶᠠᠳᠠᠭᠤ ᠶᠢ ᠰᠡᠷᠭᠡᠶᠢᠯᠡᠬᠦ ᠬᠠᠰᠢᠯᠭ᠎ᠠ︾ ᠶᠢ ᠪᠠᠲᠤ ᠴᠣᠭᠴᠠᠯᠠᠨ᠎ᠠ    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠦᠨ ᠥᠷᠭᠡᠳᠬᠡᠵᠦ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢᠨ ᠲᠥᠯᠥᠭᠡ᠂ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠂ ᠶᠠᠳᠠᠭᠤᠷᠠᠬᠤ ᠲᠦᠭᠰᠢᠭᠦᠷᠢ ᠶᠢ ᠠᠷᠢᠯᠭᠠᠨ᠂ ᠬᠠᠷᠢᠶᠠᠲᠤ ᠣᠷᠣᠨ ᠤ ᠲᠠᠷᠢᠶᠠᠴᠢᠨ ᠡᠷᠦᠬᠡ ᠶᠢᠨ ᠭᠡᠨᠡᠳᠲᠡ ᠶᠢᠨ ᠬᠦᠴᠢᠷᠳᠡᠯ ᠤᠨ ᠠᠵᠤ ᠠᠬᠤᠶ ᠶᠢᠨ ᠳᠠᠷᠤᠭᠠᠰᠤ ᠶᠢ ᠬᠥᠩᠭᠡᠷᠡᠭᠦᠯᠵᠦ᠂ ᠣᠶᠢᠷ᠎ᠠ ᠶᠢᠨ ᠡᠳᠦᠷ ᠤᠳ ᠲᠤ ᠂ ᠪᠠᠭ᠎ᠠ ᠨᠡᠭᠦᠴᠡ ᠪᠠᠯᠭᠠᠰᠤ ᠶᠢᠨ ᠬᠢᠨ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠤᠨ ᠤᠬᠠᠭᠤᠯᠭ᠎ᠠ ᠶᠢᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠤᠨ ᠮᠡᠳᠡᠪᠡᠰᠦ ᠵᠣᠬᠢᠬᠤ ᠶᠢ ᠪᠦᠬᠦᠨ ᠢ ᠮᠡᠳᠡᠵᠦ᠂ ᠪᠦᠬᠦᠨ ᠢ ᠬᠠᠮᠤᠷᠬᠤ ᠥᠨᠴᠥᠭ ᠪᠤᠯᠤᠩ ᠥᠬᠡᠶ ᠪᠠᠶᠢᠬᠤ ᠶᠢ ᠪᠠᠲᠤᠯᠠᠬᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠬᠤ ᠶᠢ ᠪᠠᠲᠤᠯᠠᠪᠠ᠃    ᠤᠬᠠᠭᠤᠯᠭ᠎ᠠ ᠶᠢ ᠴᠢᠩᠭᠠᠳᠬᠠᠵᠤ᠂ ᠲᠥᠷᠥ ᠶᠢᠨ ᠪᠣᠳᠣᠯᠭ᠎ᠠ ᠶᠢ ᠣᠶᠢᠯᠠᠭᠠᠬᠤ ᠪᠦᠷᠬᠦᠴᠡ ᠶᠢ ᠳᠡᠭᠡᠭᠰᠢᠯᠡᠭᠦᠯᠦᠨ᠎ᠡ ᠃ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠪᠠᠭ᠎ᠠ ᠨᠡᠭᠦᠴᠡ ᠪᠠᠯᠭᠠᠰᠤ ᠡᠯ᠎ᠡ ᠠᠵᠢᠯᠯᠠᠬᠤ ᠠᠩᠭᠢ᠂ ᠲᠣᠰᠬᠤᠨ ᠤ ︽ᠬᠤᠶᠠᠷ ᠵᠥᠪᠯᠡᠯ︾ ᠢ ᠵᠣᠬᠢᠶᠠᠨ ᠪᠠᠶᠢᠭᠤᠯᠵᠤ᠂ ᠲᠡᠷᠡ ᠳᠠᠷᠤᠶ ᠳᠤᠨᠢ ᠤᠬᠠᠭᠤᠯᠭ᠎ᠠ ᠶᠢᠨ ᠬᠠᠭᠤᠳᠠᠰᠤ ᠶᠢ ᠲᠠᠷᠢᠶᠠᠴᠢᠨ ᠡᠷᠦᠬᠡ ᠳᠤ ᠲᠠᠷᠬᠠᠭᠠᠵᠤ᠂ ︽ᠨᠢᠭᠤᠷᠲᠠᠨ ᠬᠠᠨᠳᠤᠵᠤ︾᠂ ︽ᠶᠠᠳᠠᠭᠤ ᠶᠢ ᠰᠡᠷᠭᠡᠶᠢᠯᠡᠵᠦ ᠪᠠᠲᠤᠯᠠᠬᠤ︾ ᠲᠥᠷᠥ ᠶᠢᠨ ᠪᠣᠳᠣᠯᠭ᠎ᠠ ᠶᠢ ᠤᠬᠠᠭᠤᠯᠪᠠ᠃ ᠡᠷᠦᠬᠡ ᠳᠤ ᠬᠦᠷᠴᠦ ᠰᠤᠷᠪᠤᠯᠵᠢᠯᠠᠬᠤ᠂ ᠤᠲᠠᠰᠤ ᠪᠠᠷ ᠬᠠᠷᠢᠯᠴᠠᠬᠤ᠂ ᠸᠢᠴᠠᠲ ᠵᠡᠷᠭᠡ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢᠨ ᠠᠵᠢᠯ ᠢ ᠣᠯᠠᠨ ᠶᠠᠩᠵᠤ ᠶᠢᠨ ᠬᠡᠯᠪᠡᠷᠢ ᠪᠠᠷ ᠥᠷᠨᠢᠭᠦᠯᠵᠦ᠂ ᠲᠠᠷᠢᠶᠠᠴᠢᠨ ᠡᠷᠦᠬᠡ ᠶᠢᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠦᠨᠡᠨ ᠬᠦ ᠳᠡᠭᠡᠭᠰᠢᠯᠡᠭᠦᠯᠦᠨ᠂ ︽ᠶᠠᠳᠠᠭᠤ ᠶᠢ ᠰᠡᠷᠭᠡᠶᠢᠯᠡᠵᠦ ᠪᠠᠲᠤᠯᠠᠬᠤ︾ ᠤᠬᠠᠭᠤᠯᠭ᠎ᠠ ᠶᠢ ᠪᠥᠬᠦ ᠲᠠᠯ᠎ᠠ ᠪᠠᠷ ᠪᠥᠷᠬᠦᠭᠦᠯᠬᠦ ᠶᠢ ᠦᠨᠡᠨ ᠬᠦ ᠪᠠᠲᠤᠯᠠᠵᠤ᠂ ᠬᠡᠷᠡᠭᠴᠡᠭᠡ ᠱᠠᠭᠠᠷᠳᠠᠯᠭ᠎ᠠ ᠲᠠᠢ ᠲᠠᠷᠢᠶᠠᠴᠢᠨ ᠡᠷᠦᠬᠡ ᠶᠢ ᠴᠠᠭ ᠲᠤᠬᠠᠶ ᠳᠤᠨᠢ ᠮᠡᠳᠡᠭᠦᠯᠵᠦ᠂ ᠳᠠᠬᠢᠨ ᠶᠠᠳᠠᠭᠤᠷᠠᠬᠤ ᠡᠴᠡ ᠰᠡᠷᠭᠡᠢᠯᠡᠬᠦ ᠬᠠᠰᠢᠯᠭ᠎ᠠ ᠶᠢ ᠪᠠᠲᠤ ᠪᠠᠬᠢ ᠪᠠᠶᠢᠭᠤᠯᠤᠨ᠎ᠠ᠃    ᠪᠥᠬᠦ ᠲᠠᠯ᠎ᠠ ᠪᠠᠷ ᠤᠶᠢᠯᠠᠭᠠᠨ ᠵᠢᠭᠰᠠᠭᠠᠵᠤ᠂ ᠭᠤᠤᠯᠳᠠᠯᠭ᠎ᠠ ᠲᠠᠢ ᠬᠥᠮᠦᠰ ᠢ ᠬᠠᠮᠤᠷᠬᠤ ᠮᠠᠶ᠋ᠢᠭ ᠤᠨ ᠰᠢᠭᠰᠢᠨ ᠪᠠᠶᠢᠴᠠᠭᠠᠯᠲᠠ ᠬᠢᠨ᠎ᠠ᠃ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠪᠣᠯᠤᠨ ᠲᠣᠰᠬᠤᠨ ᠤ ︽ᠬᠤᠶᠠᠷ ᠵᠥᠪᠯᠡᠯ︾ ᠤᠨ ᠬᠢᠨ ᠪᠠᠯᠭᠠᠰᠤᠨ ᠤ ᠬᠠᠩᠭᠠᠭᠰᠠᠨ ᠨᠡᠷᠡᠰ ᠵᠢᠴᠢ ᠲᠣᠰᠬᠤᠨ ᠤ ᠬᠢᠨ ᠭᠤᠤᠯᠳᠠᠯᠭ᠎ᠠ ᠲᠠᠢ ᠬᠥᠮᠦᠰ ᠤᠨ ᠪᠠᠶᠢᠳᠠᠯ ᠢ ᠥᠪᠡᠰᠦᠪᠡᠨ ᠡᠵᠡᠮᠰᠢᠵᠦ᠂ ᠳᠠᠬᠢᠨ ᠶᠠᠳᠠᠭᠤᠷᠠᠬᠤ ᠪᠠ ᠶᠠᠳᠠᠭᠤᠷᠠᠬᠤ ᠲᠦᠭᠰᠢᠭᠦᠷᠢ ᠲᠠᠢ ᠭᠤᠤᠯᠳᠠᠯᠭ᠎ᠠ ᠲᠠᠢ ᠬᠥᠮᠦᠰ ᠢ ᠡᠷᠦᠬᠡ ᠳᠤ ᠬᠦᠷᠴᠦ ᠡᠷᠬᠢᠨ ᠦᠵᠡᠵᠦ᠂ ᠪᠥᠬᠦ ᠲᠠᠯ᠎ᠠ ᠪᠠᠷ ᠤᠶᠢᠯᠠᠭᠠᠨ ᠵᠢᠭᠰᠠᠭᠠᠪᠠ᠃    ᠥᠨᠳᠥᠷ ᠪᠦᠲᠦᠮᠵᠢᠲᠡᠢ ᠪᠠᠷ ᠠᠵᠢᠯᠯᠠᠭᠤᠯᠵᠤ᠂ ᠲᠠᠬᠢᠨ ᠶᠠᠳᠠᠭᠤᠷᠠᠬᠤ ᠠᠶᠤᠯ ᠲᠦᠭᠰᠢᠭᠦᠷᠢ ᠶᠢ ᠠᠷᠢᠯᠭᠠᠨ᠎ᠠ᠃ ᠶᠠᠳᠠᠭᠤ ᠶᠢ ᠰᠡᠷᠭᠡᠶᠢᠯᠡᠬᠦ ᠡᠲᠡᠭᠡᠳ ᠲᠤ ᠬᠠᠮᠤᠭ ᠤᠨ ᠲᠡᠷᠢᠭᠦᠨ ᠳᠤ ᠠᠪᠤᠷᠠᠨ ᠲᠤᠰᠠᠯᠠᠬᠤ ᠨᠥᠬᠦᠪᠥᠷᠢ ᠣᠯᠭᠤᠬᠤ ᠶᠢᠨ ᠲᠥᠯᠥᠭᠡ᠂ ᠲᠠᠷᠢᠶᠠᠴᠢᠨ ᠡᠷᠦᠬᠡ ᠪᠡᠶ᠎ᠡ ᠪᠠᠨ ᠳᠠᠭᠠᠭᠠᠵᠤ ᠭᠤᠶᠤᠴᠢᠯᠠᠨ ᠮᠡᠳᠡᠭᠦᠯᠬᠦ᠂ ᠲᠣᠰᠬᠤᠨ ᠪᠠᠯᠭᠠᠰᠤ ᠬᠤᠶᠠᠷ ᠱᠠᠲᠤ ᠪᠠᠷ ᠬᠢᠨᠠᠨ ᠬᠠᠷᠭᠤᠭᠤᠯᠬᠤ᠂ ᠭᠤᠷᠪᠠᠳᠠᠬᠢ ᠡᠲᠡᠭᠡᠳ ᠤᠨ ᠡᠷᠦᠬᠡ ᠳᠤ ᠬᠦᠷᠴᠦ ᠬᠢᠨᠠᠨ ᠪᠠᠶᠢᠴᠠᠭᠠᠬᠤ ᠰᠢᠰᠲ᠋ᠧᠮ ᠤᠨ ᠴᠤᠪᠤᠷᠠᠯ ᠢᠶᠠᠷ ᠳᠠᠮᠵᠢᠭᠤᠯᠤᠨ᠂ ᠳᠠᠭᠠᠳᠬᠠᠯ ᠤᠨ ᠦᠢᠯᠡᠴᠢᠯᠡᠭᠡ ᠳᠤ ᠲᠥᠬᠦᠮ ᠂ ᠲᠦᠷᠭᠡᠨ᠂ ᠪᠣᠳᠠᠲᠤ ᠦᠷ᠎ᠡ ᠪᠦᠲᠦᠮᠵᠢ ᠲᠠᠢ᠂ ᠣᠷᠬᠢᠭᠳᠠᠭᠤᠯᠬᠤ ᠥᠬᠡᠶ᠂ ᠶᠠᠰᠤ ᠴᠢᠨᠠᠷ ᠢᠶᠠᠷ ᠰᠠᠶᠢᠨ ᠪᠠᠶᠢᠬᠤ ᠶᠢ ᠪᠡᠶᠡᠯᠡᠭᠦᠯᠵᠦ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠤᠨ ᠠᠷᠠᠳ ᠲᠤ ᠠᠰᠢᠭ ᠬᠦᠷᠲᠡᠭᠡᠬᠦ ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠤᠨ᠂ ︽ᠶᠠᠳᠠᠭᠤ ᠶᠢ ᠰᠡᠷᠭᠡᠶᠢᠯᠡᠬᠦ ᠳᠠᠭᠠᠳᠬᠠᠯ︾ ᠤᠨ ᠲᠥᠷᠥ ᠶᠢᠨ ᠪᠣᠳᠣᠯᠭ᠎ᠠ ᠶᠢ ᠡᠷᠦᠬᠡ ᠳᠤ ᠨᠠᠶᠢᠳᠠᠪᠤᠷᠢᠵᠢᠭᠤᠯᠵᠤ᠂ ᠲᠥᠯᠥᠪᠦᠷᠢ ᠥᠭᠬᠦ ᠲᠠᠰ ᠳᠠᠷᠠᠭᠠᠯᠠᠯ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠪᠠ᠃ ᠣᠲᠣ ᠪᠣᠯᠲᠠᠯ᠎ᠠ᠂ ᠪᠠᠭ᠎ᠠ ᠨᠡᠭᠦᠴᠡ ᠪᠠᠯᠭᠠᠰᠤ ᠨᠢᠭᠡᠨᠲᠡ 100 ᠭᠠᠷᠤᠶ ᠬᠥᠮᠦᠨ ᠤᠳᠠᠭ᠎ᠠ ᠳᠡᠭᠡᠭᠰᠢ ᠮᠡᠳᠡᠭᠦᠯᠵᠡᠶ᠃    ᠪᠠᠯᠭᠠᠰᠤ ᠶᠢᠨ ᠬᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠷᠢᠯ ᠪᠦᠷᠢ ᠳᠤ ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠠᠶᠢᠲᠤᠷ ᠨᠠᠶᠢᠳᠠᠪᠤᠷᠢᠵᠢᠭᠤᠯᠵᠤ᠂ ᠪᠠᠶᠢᠩᠭᠤ ᠶᠢᠨ ᠴᠢᠨᠠᠷᠲᠠᠶ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠨ᠂ ᠡᠷᠲᠡ ᠠᠴᠠ ᠢᠯᠡᠷᠡᠭᠦᠯᠵᠦ᠂ ᠡᠷᠲᠡ ᠠᠴᠠ ᠭᠠᠷ ᠳᠦᠷᠦᠵᠦ᠂ ᠡᠷᠲᠡ ᠠᠴᠠ ᠬᠠᠪᠰᠤᠷᠤᠨ ᠲᠡᠳᠬᠦᠵᠦ᠂ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠵᠢᠩᠬᠢᠨᠢ ᠬᠡᠷᠡᠭᠴᠡᠭᠡ ᠲᠠᠢ ᠲᠠᠷᠢᠶᠠᠴᠢᠨ ᠡᠷᠦᠬᠡ ᠳᠤ ᠬᠦᠷᠭᠡᠵᠦ᠂ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠬᠠᠮᠤᠭ ᠤᠨ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠲᠠᠷᠢᠶᠠᠴᠢᠨ ᠡᠷᠦᠬᠡ ᠲᠠᠢ ᠬᠠᠷᠢᠯᠴᠠᠵᠤ ᠭᠤᠶᠤᠴᠢᠯᠠᠨ ᠮᠡᠳᠡᠭᠦᠯᠵᠦ ᠲᠥᠯᠥᠪᠦᠷᠢ ᠬᠢᠯᠭᠡᠵᠦ᠂ ᠪᠥᠬᠦ ᠪᠠᠯᠭᠠᠰᠤ ᠶᠢᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠲᠤᠯᠠᠭ᠎ᠠ ᠶᠢᠨ ᠬᠠᠰᠢᠯᠭ᠎ᠠ ᠶᠢ ᠪᠠᠬᠢᠵᠢᠭᠦᠯᠦᠨ᠎ᠡ᠃    ᠪᠠᠭ᠎ᠠ ᠨᠡᠭᠦᠴᠡ ᠪᠠᠯᠭᠠᠰᠤ ᠶᠢᠨ ᠬᠢᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠤᠯᠠᠷᠢᠯ ᠪᠦᠷᠢ ᠳᠤ ᠬᠥᠳᠡᠯᠦᠩᠭᠦᠶ ᠪᠠᠷ ᠬᠢᠨᠠᠨ ᠬᠡᠮᠵᠢᠵᠦ ᠬᠠᠪᠰᠤᠷᠤᠨ ᠲᠡᠳᠬᠦᠬᠦ ᠶᠢ ᠰᠠᠶᠢᠲᠤᠷ ᠨᠠᠶᠢᠳᠠᠪᠤᠷᠢᠵᠢᠭᠤᠯᠵᠤ ᠂ ᠪᠠᠶᠢᠩᠭᠤ ᠶᠢᠨ ᠴᠢᠨᠠᠷᠲᠠᠶ ᠵᠢᠭᠰᠠᠭᠠᠨ ᠪᠠᠶᠢᠴᠠᠭᠠᠬᠤ ᠶᠢ ᠪᠠᠷᠢᠮᠲᠠᠯᠠᠨ᠂ ᠡᠷᠲᠡ ᠠᠴᠠ ᠢᠯᠡᠷᠡᠭᠦᠯᠵᠦ᠂ ᠡᠷᠲᠡ ᠠᠴᠠ ᠭᠠᠷᠳᠠᠵᠤ ᠂ ᠡᠷᠲᠡ ᠠᠴᠠ ᠬᠠᠪᠰᠤᠷᠤᠨ ᠲᠡᠳᠬᠦᠵᠦ᠂ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠵᠢᠩᠬᠢᠨᠢ ᠬᠡᠷᠡᠭᠴᠡᠭᠡ ᠲᠠᠢ ᠲᠠᠷᠢᠶᠠᠴᠢᠨ ᠡᠷᠦᠬᠡ ᠳᠤ ᠬᠦᠷᠭᠡᠵᠦ᠂ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ᠂ ᠬᠠᠮᠤᠭ ᠤᠨ ᠲᠡᠷᠢᠭᠦᠨ ᠳᠤ ᠲᠥᠷᠥ ᠶᠢᠨ ᠪᠣᠳᠣᠯᠭ᠎ᠠ ᠶᠢᠨ ᠲᠣᠭᠲᠠᠭᠠᠯ ᠳᠤ ᠨᠡᠶᠢᠴᠡᠬᠦ ᠲᠠᠷᠢᠶᠠᠴᠢᠨ ᠡᠷᠦᠬᠡ ᠲᠠᠢ ᠬᠠᠷᠢᠯᠴᠠᠵᠤ ᠭᠤᠶᠤᠴᠢᠯᠠᠨ ᠮᠡᠳᠡᠭᠦᠯᠵᠦ ᠲᠥᠯᠥᠪᠦᠷᠢ ᠬᠢᠯᠭᠡᠵᠦ᠂ ᠪᠥᠬᠦ ᠪᠠᠯᠭᠠᠰᠤ ᠶᠢᠨ ᠳᠠᠬᠢᠨ ᠶᠠᠳᠠᠭᠤᠷᠠᠬᠤ ᠪᠠ ᠶᠠᠳᠠᠭᠤᠷᠠᠬᠤ ᠪᠠᠲᠤᠯᠠᠭ᠎ᠠ ᠶᠢᠨ ᠬᠠᠰᠢᠯᠭ᠎ᠠ ᠶᠢ ᠪᠠᠬᠢᠵᠢᠭᠦᠯᠦᠨ᠎ᠡ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号