ᠮᠠᠨ ᠤ ᠬᠤᠰᠢᠭᠤ ᠪᠡᠭᠡᠵᠢᠩ ᠤᠨ ᠶᠢᠨ ᠰᠢᠨ ᠾᠧᠦ ᠳ᠋ᠧ᠂ ᠱᠸᠦ ᠨᠦᠩ ᠪᠡᠭᠡᠵᠢᠩ ᠤᠨ ᠱᠤᠸᠠᠩ ᠲᠦᠩ ᠾᠦᠢ ᠾᠧ ᠲᠠᠢ ᠨᠠᠷᠢᠨ ᠪᠠᠯᠭᠠᠰᠤᠨ ᠤ ᠴᠢᠨᠠᠷ ᠰᠠᠶᠢᠲᠠᠶ ᠵᠢᠮᠢᠰ ᠢᠳᠡᠰᠢᠨ ᠨᠣᠭᠤᠭ᠎ᠠ ᠶᠢᠨ ᠰᠤᠳᠤᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2022/9/27
ᠮᠠᠨ ᠤ ᠬᠤᠰᠢᠭᠤ ᠪᠡᠭᠡᠵᠢᠩ ᠤᠨ ᠶᠢᠨ ᠰᠢᠨ ᠾᠧᠦ ᠳ᠋ᠧ᠂ ᠱᠸᠦ ᠨᠦᠩ ᠪᠡᠭᠡᠵᠢᠩ ᠤᠨ ᠱᠤᠸᠠᠩ ᠲᠦᠩ ᠾᠦᠢ ᠾᠧ ᠲᠠᠢ ᠨᠠᠷᠢᠨ ᠪᠠᠯᠭᠠᠰᠤᠨ ᠤ ᠴᠢᠨᠠᠷ ᠰᠠᠶᠢᠲᠠᠶ ᠵᠢᠮᠢᠰ ᠢᠳᠡᠰᠢᠨ ᠨᠣᠭᠤᠭ᠎ᠠ ᠶᠢᠨ ᠰᠤᠳᠤᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠳᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ    9 ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠪᠡᠭᠡᠵᠢᠩ ᠤᠨ ᠲᠦᠷ ᠴᠠᠭ ᠲᠤᠰᠢᠶᠠᠯ ᠡᠭᠦᠷᠭᠡᠯᠡᠬᠦ ᠪᠦᠯᠬᠦᠮ ᠤᠨ ᠬᠤᠯᠪᠣᠭᠠᠰᠤ ᠪᠠᠷ ᠳᠡᠮᠵᠢᠨ᠂ ᠪᠡᠭᠡᠵᠢᠩ ᠤᠨ ᠶᠢᠨ ᠰᠢᠨ ᠾᠧᠦ  ᠳ᠋ᠸ ᠲᠠᠷᠢᠶᠠᠯᠠᠩ ᠤᠨ ᠬᠦᠭᠵᠢᠯᠲᠡ ᠶᠢᠨ ᠬᠢᠵᠠᠭᠠᠷᠲᠤ ᠺᠣᠮᠫᠠᠨᠢ᠂ ᠱᠸᠤ ᠨᠦᠩ ᠪᠡᠭᠡᠵᠢᠩ ᠤᠨ ᠱᠤᠸᠠᠩ ᠲᠦᠩ ᠾᠦᠢ ᠾᠧ ᠲᠠᠷᠢᠶᠠᠯᠠᠩ ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠬᠢᠵᠠᠭᠠᠷᠲᠤ ᠺᠣᠮᠫᠠᠨᠢ ᠵᠢᠴᠢ ᠨᠠᠷᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠨᠢ ᠨᠠᠷᠢᠨ ᠪᠠᠯᠭᠠᠰᠤᠨ ᠤ ᠴᠢᠨᠠᠷ ᠰᠠᠶᠢᠲᠠᠶ ᠵᠢᠮᠢᠰ ᠢᠳᠡᠰᠢᠨ ᠨᠣᠭᠤᠭ᠎ᠠ ᠶᠢᠨ ᠰᠤᠳᠤᠯᠭᠠᠨ ᠤ ᠰᠠᠭᠤᠷᠢᠨ ᠭᠠᠵᠠᠷ ᠤᠨ ᠲᠥᠷᠥᠯ ᠵᠦᠢᠯ ᠤᠨ ᠲᠤᠬᠠᠶ ᠵᠢᠩᠬᠢᠨᠢ ᠪᠠᠷ ᠭᠡᠷ᠎ᠡ ᠲᠣᠭᠲᠠᠪᠠ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠸᠠᠩ ᠸᠸᠨ ᡁᠢ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃    ᠭᠡᠷ᠎ᠡ ᠲᠣᠭᠲᠠᠬᠤ ᠶᠣᠰᠣᠯᠠᠯ ᠳᠡᠭᠡᠷ᠎ᠡ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠣᠯᠤᠨ ᠨᠠᠷᠢᠨ ᠪᠠᠯᠭᠠᠰᠤᠨ ᠤ ᠬᠠᠮᠢᠶ᠎ᠠ ᠪᠥᠬᠦᠶ ᠨᠥᠬᠦᠳ ᠶᠠᠷᠢᠶ᠎ᠠ ᠲᠠᠯᠪᠢᠵᠤ᠂ ᠪᠡᠭᠡᠵᠢᠩ ᠤᠨ ᠶᠢᠨ ᠰᠢᠨ ᠾᠧᠦ ᠳ᠋ᠸ ᠲᠠᠷᠢᠶᠠᠯᠠᠩ ᠤᠨ ᠬᠦᠭᠵᠢᠯᠲᠡ ᠶᠢᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠭᠤᠤ ᠵᠢᠶᠠᠨ ᠤᠯᠠᠭᠠᠨᠬᠠᠳᠠ ᠶᠢᠨ ᠲᠥᠷᠥᠯ ᠵᠦᠢᠯ ᠤᠨ ᠬᠡᠯᠲᠡᠰ ᠤᠨ ᠬᠥᠭᠵᠢᠭᠦᠯᠦᠯᠲᠡ ᠶᠢᠨ ᠲᠥᠯᠥᠪᠵᠢᠭᠦᠯᠭᠡ ᠶᠢ ᠨᠠᠷᠢᠨ ᠲᠠᠨᠢᠯᠴᠠᠭᠤᠯᠤᠭᠰᠠᠨ ᠪᠥᠭᠡᠳ ᠤᠷᠢᠳ ᠬᠤᠵᠢᠳ ᠱᠸᠤ ᠨᠦᠩ ᠪᠡᠭᠡᠵᠢᠩ ᠤᠨ ᠱᠤᠸᠠᠩ ᠲᠦᠩ ᠾᠦᠢ ᠾᠧ ᠲᠠᠷᠢᠶᠠᠯᠠᠩ  ᠰᠢᠨᠵᠢᠯᠡᠬᠦ ᠤᠬᠠᠭᠠᠨ ᠮᠡᠷᠭᠡᠵᠢᠯ ᠤᠨ ᠬᠦᠭᠵᠢᠯᠲᠡ ᠶᠢᠨ ᠬᠢᠵᠠᠭᠠᠷᠲᠤ ᠺᠣᠮᠫᠠᠨᠢ᠂ ᠨᠠᠷᠢᠨ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠲᠠᠢ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃    ᠣᠶᠢᠯᠠᠭᠠᠭᠰᠠᠨ ᠢᠶᠠᠷ᠂ ᠪᠡᠭᠡᠵᠢᠩ ᠤᠨ ᠶᠢᠨ ᠰᠢᠨ ᠾᠧᠦ ᠳ᠋ᠸ ᠲᠠᠷᠢᠶᠠᠯᠠᠩ ᠤᠨ ᠬᠦᠭᠵᠢᠯᠲᠡ ᠶᠢᠨ ᠬᠢᠵᠠᠭᠠᠷᠲᠤ ᠺᠣᠮᠫᠠᠨᠢ ᠪᠣᠯ ᠱᠤᠨ ᠭᠦ᠋ᠩ ᠢᠳᠡᠰᠢᠨ ᠨᠣᠭᠤᠭ᠎ᠠ ᠶᠢᠨ ᠠᠷᠠᠯᠵᠢᠶᠠᠨ ᠤ ᠠᠵᠤ ᠠᠬᠤᠶᠢᠯᠠᠯ ᠮᠥᠨ᠂ ᠵᠢᠯ ᠲᠤᠷᠰᠢ ᠡᠤ ᠮᠧᠶ᠂ ᠾᠧ ᠮᠠ᠂ ᠳ᠋ᠠ ᠷᠦᠨ ᠹᠠ᠂ ᠬᠤᠸᠠ ᠲᠢᠶᠠᠨ ᠢᠳᠡᠭᠡᠨ ᠤᠮᠳᠠᠭᠠᠨ ᠵᠡᠷᠭᠡ ᠠᠵᠤ ᠠᠬᠤᠶᠢᠯᠠᠯ ᠵᠢᠴᠢ ᠪᠡᠭᠡᠵᠢᠩ ᠲᠢᠶᠠᠨᠵᠢᠨ ᠣᠷᠣᠨ ᠤ ᠤᠯᠤᠰ ᠤᠨ ᠲᠥᠪ ᠤᠨ ᠠᠵᠤ ᠠᠬᠤᠶᠢᠯᠠᠯ᠂ ᠠᠯᠪᠠᠨ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ ᠶᠢᠨ ᠬᠤᠭᠤᠯᠠᠨ ᠬᠡᠷ ᠲᠤ ᠢᠳᠡᠰᠢᠨ ᠨᠣᠭᠤᠭ᠎ᠠ ᠵᠢᠮᠢᠰ ᠤᠨ ᠬᠠᠩᠭᠠᠯᠭ᠎ᠠ ᠥᠷᠨᠢᠭᠦᠯᠳᠡᠭ᠃ ᠲᠥᠷᠥᠯ ᠵᠦᠢᠯ ᠤᠨ ᠭᠡᠷ᠎ᠡ ᠲᠣᠭᠲᠠᠭᠰᠠᠨ ᠤ ᠳᠠᠷᠠᠭ᠎ᠠ᠂ ᠶᠢᠨ ᠰᠢᠨ ᠡᡁᠸᠥ ᠳ᠋ᠧ ᠺᠣᠮᠫᠠᠨᠢ ᠨᠠᠷᠢᠨ ᠪᠠᠯᠭᠠᠰᠤ ᠶᠢᠨ ᠰᠢᠩ ᠯᠦᠩ ᠵᠤᠸᠠᠩ ᠲᠣᠰᠬᠤᠨ ᠳᠤ ᠴᠢᠨᠠᠷ ᠰᠠᠶᠢᠲᠠᠢ ᠵᠢᠮᠢᠰ ᠨᠣᠭᠤᠭ᠎ᠠ ᠶᠢᠨ ᠰᠤᠳᠤᠯᠭᠠᠨ ᠤ ᠰᠠᠭᠤᠷᠢᠨ ᠢ ᠪᠠᠶᠢᠭᠤᠯᠵᠤ᠂ ᠳᠤᠮᠳᠠᠳᠤ ᠤᠯᠤᠰ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠪᠦᠯᠬᠦᠮ ᠢ ᠤᠷᠢᠵᠤ ᠵᠠᠬ᠎ᠠ ᠳᠡᠯᠭᠡᠭᠦᠷ ᠲᠤ ᠭᠠᠷᠤᠭᠠᠳᠤᠢ ᠰᠢᠨ᠎ᠡ ᠰᠤᠳᠤᠯᠤᠨ ᠨᠡᠭᠡᠭᠡᠭᠰᠡᠨ ᠢᠳᠡᠰᠢᠨ ᠨᠣᠭᠤᠭ᠎ᠠ ᠵᠢᠮᠢᠰ ᠢ ᠲᠤᠷᠰᠢᠨ ᠲᠠᠷᠢᠬᠤ ᠶᠢᠨ ᠬᠠᠮᠲᠤ ᠲᠤᠷᠰᠢᠯᠲᠠ ᠪᠠᠷ ᠠᠮᠵᠢᠯᠲᠠ ᠣᠯᠤᠭᠰᠠᠨ ᠲᠦᠷᠦᠯ ᠵᠦᠢᠯ ᠢ ᠳᠡᠯᠭᠡᠷᠡᠭᠦᠯᠵᠦ᠂ ᠲᠤᠷᠰᠢᠯᠲᠠ ᠵᠢᠴᠢ ᠦᠢᠯᠡᠳᠪᠦᠷᠢᠯᠡᠯ ᠤᠨ ᠪᠦᠬᠦ ᠶᠠᠪᠤᠴᠠ ᠳᠤ ᠱᠧᠦ ᠨᠦᠩ ᠱᠤᠸᠠᠩ ᠲᠦᠩ ᠾᠦᠢ ᠾᠧ ᠺᠣᠮᠫᠠᠨᠢ ᠠᠴᠠ ᠴᠢᠬᠢ ᠪᠤᠶᠢᠵᠢᠭᠤᠯᠬᠤ᠂ ᠤᠷᠭᠤᠮᠠᠯ ᠢ ᠬᠠᠮᠠᠭᠠᠯᠠᠬᠤ ᠵᠡᠷᠭᠡ ᠮᠡᠷᠭᠡᠵᠢᠯ ᠤᠨ ᠳᠡᠮᠵᠢᠯᠭᠡ ᠬᠠᠩᠭᠠᠨ᠎ᠠ᠃    ᠨᠠᠷᠢᠨ ᠪᠠᠯᠭᠠᠰᠤ ᠶᠢᠨ ᠴᠢᠨᠠᠷ ᠰᠠᠶᠢᠲᠠᠢ ᠵᠢᠮᠢᠰ ᠢᠳᠡᠰᠢᠨ ᠨᠣᠭᠤᠭ᠎ᠠ ᠶᠢᠨ ᠰᠤᠳᠤᠯᠭᠠᠨ ᠤ ᠰᠠᠭᠤᠷᠢᠨ ᠢ ᠪᠠᠶᠢᠭᠤᠯᠵᠤ ᠡᠬᠢᠯᠡᠭᠰᠡᠨ ᠤ ᠳᠠᠷᠠᠭ᠎ᠠ᠂ ᠤᠯᠠᠭᠠᠨᠬᠠᠳᠠ ᠶᠢᠨ ᠭᠠᠵᠠᠷ ᠣᠷᠣᠨ ᠤ ᠪᠠᠶᠢᠭᠠᠯᠢ ᠶᠢᠨ ᠣᠷᠴᠢᠨ ᠲᠣᠭᠤᠷᠢᠨ ᠳᠤ ᠳᠤᠬᠢᠷᠠᠬᠤ ᠴᠢᠨᠠᠷ ᠰᠠᠶᠢᠲᠠᠢ ᠲᠠᠷᠢᠮᠠᠯ ᠢ ᠨᠡᠩ ᠤᠯᠠᠨ ᠲᠠᠷᠢᠵᠤ᠂ ᠤᠯᠠᠭᠠᠨᠬᠠᠳᠠ ᠶᠢᠨ ᠭᠠᠵᠠᠷ ᠣᠷᠣᠨ ᠤ ᠠᠵᠢᠯ ᠲᠦᠷᠦᠯ ᠤᠨ ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠵᠦ᠂ ᠲᠤᠰ ᠭᠠᠵᠠᠷ ᠣᠷᠣᠨ ᠤ ᠵᠢᠮᠢᠰ ᠢᠳᠡᠰᠢᠨ ᠨᠣᠭᠤᠭ᠎ᠠ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠬᠢᠭᠤᠯᠵᠤ᠂ ᠨᠡᠩ ᠤᠯᠠᠨ ᠤᠯᠠᠭᠠᠨᠬᠠᠳᠠ ᠶᠢᠨ ᠭᠠᠵᠠᠷ ᠣᠷᠣᠨ ᠤ ᠴᠢᠨᠠᠷ ᠰᠠᠶᠢᠲᠠᠢ ᠨᠣᠭᠤᠭ᠎ᠠ ᠵᠢᠮᠢᠰ ᠢ ᠤᠮᠠᠷᠠᠲᠤ ᠣᠷᠣᠨ᠂ ᠳᠣᠷᠣᠨᠠᠲᠤ ᠣᠷᠣᠨ ᠤ ᠵᠠᠬ᠎ᠠ ᠳᠡᠯᠭᠡᠭᠦᠷ ᠲᠤ ᠪᠣᠷᠣᠯᠠᠭᠤᠯᠬᠤ ᠶᠢ ᠠᠬᠢᠭᠤᠯᠵᠤ᠂ ᠨᠡᠩ ᠥᠨᠳᠥᠷ ᠮᠦ ᠶᠢᠨ ᠳᠤᠮᠳᠠᠴᠢ ᠠᠰᠢᠭ ᠣᠷᠣᠯᠭ᠎ᠠ ᠶᠢ ᠤᠯᠬᠤ ᠪᠣᠯᠤᠨ᠎ᠠ᠃    ᠭᠡᠷ᠎ᠡ ᠲᠣᠭᠲᠠᠵᠤ ᠳᠠᠭᠤᠰᠤᠭᠰᠠᠨ ᠤ ᠳᠠᠷᠠᠭ᠎ᠠ᠂ ᠸᠠᠩ ᠸᠧᠨ ᡁᠢ ᠴᠢᠩᠭᠠᠳᠬᠠᠭᠰᠠᠨ ᠨᠢ᠂ ᠭᠡᠷ᠎ᠡ ᠲᠣᠭᠲᠠᠭᠰᠠᠨ ᠬᠤᠶᠠᠷ ᠲᠠᠯ᠎ᠠ ᠪᠠᠷ ᠢᠶᠠᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠭᠦᠢᠴᠡᠳ ᠰᠠᠶᠢᠲᠤᠷ ᠬᠢᠵᠦ᠂ ᠲᠦᠷᠦᠯ ᠵᠦᠢᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠲᠦᠷᠭᠡᠳᠬᠡᠨ ᠠᠬᠢᠭᠤᠯᠵᠤ᠂ ᠡᠷᠲᠡᠬᠡᠨ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠬᠤ ᠬᠡᠷᠡᠭᠲᠡᠢ᠃ ᠭᠡᠷ᠎ᠡ ᠲᠣᠭᠲᠠᠭᠰᠠᠨ ᠬᠤᠶᠠᠷ ᠲᠠᠯ᠎ᠠ ᠪᠠᠷ ᠢᠶᠠᠨ ᠭᠠᠷ ᠬᠤᠯᠪᠣᠨ ᠬᠠᠮᠲᠤᠪᠠᠷ ᠤᠷᠤᠭᠰᠢᠯᠠᠵᠤ᠂ ᠬᠠᠮᠲᠤᠪᠠᠷ ᠬᠥᠭᠵᠢᠵᠦ᠂ ᠨᠠᠷᠢᠨ ᠪᠠᠯᠭᠠᠰᠤ ᠶᠢᠨ ᠡᠬᠢ ᠪᠠᠶᠠᠯᠢᠭ ᠤᠨ ᠳᠠᠪᠠᠭᠤᠯᠢᠭ ᠢ ᠭᠦᠢᠴᠡᠳ ᠠᠭᠤᠳᠠᠯᠤᠨ ᠠᠰᠢᠭᠯᠠᠵᠤ᠂ ᠡᠬᠢ ᠪᠠᠶᠠᠯᠢᠭ ᠤᠨ ᠳᠠᠪᠠᠭᠤᠯᠢᠭ ᠢ ᠠᠵᠤ ᠦᠢᠯᠡᠰ ᠤᠨ ᠳᠠᠪᠠᠭᠤᠯᠢᠭ ᠪᠣᠯᠭᠠᠨ ᠬᠤᠪᠢᠷᠠᠭᠤᠯᠵᠤ᠂ ᠠᠵᠤ ᠦᠢᠯᠡᠰ ᠤᠨ ᠳᠠᠪᠠᠭᠤᠯᠢᠭ ᠢ ᠠᠵᠤ ᠠᠬᠤᠢ ᠶᠢᠨ ᠳᠠᠪᠠᠭᠤᠯᠢᠭ ᠪᠣᠯᠭᠠᠨ ᠬᠤᠪᠢᠷᠠᠭᠤᠯᠬᠤ ᠪᠠᠷ ᠴᠢᠷᠮᠠᠶᠢᠬᠤ ᠬᠡᠷᠡᠭᠲᠡᠢ᠃ ᠡᠭᠦᠨ ᠤ ᠬᠠᠮᠲᠤ᠂ ᠬᠤᠶᠠᠷ ᠲᠠᠯ᠎ᠠ ᠪᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ᠂ ᠡᠨᠡᠬᠦ ᠲᠦᠷᠦᠯ ᠵᠦᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠦᠲᠦᠭᠡᠭᠳᠡᠬᠦᠨ ᠢᠶᠠᠨ ᠨᠠᠷᠢᠯᠢᠭ ᠬᠢᠵᠦ᠂ ᠪᠠᠭ᠎ᠠ ᠲᠦᠷᠦᠯ ᠵᠦᠢᠯ ᠤᠨ ᠶᠡᠭᠡ ᠦᠢᠯᠡᠳᠦᠯ ᠢ ᠪᠠᠳᠠᠷᠠᠭᠤᠯᠵᠤ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠠᠷ ᠠᠷᠠᠳ ᠢ ᠪᠠᠶᠠᠵᠢᠭᠤᠯᠤᠨ ᠲᠣᠰᠬᠤᠨ ᠢᠶᠠᠨ ᠬᠦᠴᠦᠷᠬᠡᠭᠵᠢᠭᠦᠯᠬᠦ ᠶᠢ ᠳᠠᠶᠢᠴᠢᠯᠠᠵᠤ᠂ ᠮᠠᠨ ᠤ ᠬᠤᠰᠢᠭᠤᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠶᠢ ᠬᠦᠰᠡᠵᠦ ᠪᠠᠶᠢᠨ᠎ᠠ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号