ᠸᠠᠩ ᠶᠧ ᠹᠦ᠋ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠬᠢᠨ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠡ︾ ᠶᠢ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ
ᠨᠡᠶᠢᠲᠡᠯᠡᠭᠰᠡᠨ ᠴᠠᠭ᠄
2022/9/6
ᠸᠠᠩ ᠶᠧ ᠹᠦ᠋ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠬᠢᠨ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠡ ︾ ᠶᠢ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯᠯᠠᠭ᠎ᠠ ᠶᠢ ᠪᠥᠬᠦ ᠲᠠᠯ᠎ᠠ ᠪᠠᠷ ᠥᠷᠨᠢᠭᠦᠯᠪᠡ    ᠪᠥᠬᠦ ᠬᠤᠰᠢᠭᠤᠨ ᠤ ᠲᠠᠪᠤᠨ ᠶᠡᠭᠡ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠳᠤ ᠬᠦᠴᠦ ᠪᠠᠨ ᠲᠥᠪᠯᠡᠷᠡᠭᠦᠯᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠢᠯᠡᠴᠢᠯᠡᠬᠦ ᠶᠢᠨ ᠲᠥᠯᠥᠭᠡ᠂ ᠸᠠᠩ ᠶᠧ ᠹᠦ᠋ ᠪᠠᠯᠭᠠᠰᠤᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠤᠨ ᠬᠢᠨ ᠪᠥᠬᠦ ᠪᠠᠯᠭᠠᠰᠤᠨ ᠤ ᠥᠷᠭᠡᠨ ᠣᠯᠠᠨ ᠬᠥᠳᠡᠭᠡ ᠲᠣᠰᠬᠤᠨ ᠤ ᠡᠮᠡᠭᠲᠡᠶᠢᠴᠦᠳ ᠤᠨ ᠳᠤᠮᠳᠠ ︽ᠦᠵᠡᠰᠬᠦᠯᠡᠩᠲᠦ ᠰᠠᠶᠢᠬᠠᠨ ᠬᠡᠷ ᠣᠷᠣᠨ ᠤ ᠵᠢᠱᠢᠶ᠎ᠡ ᠦᠵᠡᠭᠦᠯᠬᠦ ᠡᠷᠦᠬᠡ︾ ᠶᠢ ᠡᠭᠦᠳᠦᠨ ᠪᠠᠶᠢᠭᠤᠯᠵᠤ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ᠃ ᠲᠣᠰ ᠤᠳᠠᠭᠠᠨ ᠤ ᠠᠵᠢᠯᠯᠠᠭ᠎ᠠ ᠨᠢ ︽ᠦᠵᠡᠰᠬᠦᠯᠡᠩᠲᠦ ᠰᠠᠶᠢᠬᠠᠨ ᠬᠡᠷ ᠣᠷᠣᠨ ᠤ ᠵᠢᠱᠢᠶ᠎ᠡ ᠦᠵᠡᠭᠦᠯᠬᠦ ᠡᠷᠦᠬᠡ︾ ᠶᠢ ᠰᠢᠯᠭᠠᠷᠠᠭᠤᠯᠬᠤ ᠪᠠᠷ ᠠᠵᠠ ᠲᠣᠬᠢᠶᠠᠯ ᠪᠣᠯᠭᠠᠵᠤ᠂ ᠬᠥᠳᠡᠭᠡ ᠲᠣᠰᠬᠤᠨ ᠤ ᠣᠷᠴᠢᠨ ᠠᠬᠤᠶ ᠶᠢ ᠤᠯᠠᠮ ᠨᠢᠭᠡ ᠠᠯᠬᠤᠮ ᠭᠤᠶᠣᠯᠠᠵᠤ᠂ ᠬᠦᠷᠢᠶᠡᠨ ᠤ ᠳᠣᠲᠣᠨ᠎ᠠ ᠭᠠᠳᠠᠨᠠᠬᠢ ᠶᠢ ᠵᠡᠷᠭᠡ ᠪᠠᠷ ᠴᠡᠪᠡᠷ ᠲᠡᠭᠰᠢ ᠪᠣᠯᠭᠠᠬᠤ ᠶᠢ ᠪᠡᠶᠡᠯᠡᠭᠦᠯᠵᠦ᠂ ᠥᠷᠭᠡᠨ ᠣᠯᠠᠨ ᠲᠦᠮᠡᠨ ᠤ ᠰᠠᠶᠢᠨ ᠰᠠᠶᠢᠬᠠᠨ ᠬᠡᠷ ᠣᠷᠣᠨ ᠢᠶᠠᠨ ᠬᠠᠮᠲᠤ ᠪᠠᠷ ᠴᠣᠭᠴᠠᠯᠠᠨ ᠪᠠᠶᠢᠭᠤᠯᠵᠤ᠂ ᠦᠵᠡᠰᠬᠦᠯᠡᠩᠲᠦ ᠰᠠᠶᠢᠬᠠᠨ ᠣᠷᠴᠢᠨ ᠠᠬᠤᠶ ᠶᠢ ᠬᠠᠮᠲᠤ ᠪᠠᠷ ᠡᠳ᠋ᠯᠡᠬᠦ ᠶᠢ ᠤᠷᠮᠠᠰᠢᠭᠤᠯᠤᠨ ᠵᠣᠷᠢᠭᠵᠢᠭᠤᠯᠵᠠᠶ᠃    ᠡᠯ᠎ᠡ ᠲᠣᠰᠬᠤᠨ ᠤ ᠬᠢᠨ ᠤᠬᠠᠭᠤᠯᠭ᠎ᠠ ᠶᠢᠨ ᠰᠠᠮᠪᠠᠷ᠎ᠠ᠂ ᠸᠢᠴᠠᠲ ᠤᠨ ᠪᠦᠯᠦᠭ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠤᠨ ᠰᠢᠯᠭᠠᠷᠠᠭᠤᠯᠬᠤ ᠠᠵᠢᠯ ᠤᠨ ᠴᠢᠬᠤᠯᠠ ᠴᠢᠨᠠᠷ᠂ ᠰᠢᠯᠭᠠᠷᠠᠭᠤᠯᠬᠤ ᠪᠠᠷᠢᠮᠵᠢᠶ᠎ᠠ ᠪᠣᠯᠤᠨ ᠪᠣᠳᠠᠲᠠᠢ ᠠᠷᠭ᠎ᠠ ᠶᠢ ᠴᠢᠩᠭᠠᠳᠬᠠᠵᠤ᠂ ᠥᠷᠭᠡᠨ ᠤᠯᠠᠨ ᠡᠮᠡᠭᠲᠡᠶᠢᠴᠦᠳ ᠢ ᠬᠠᠮᠤᠭ ᠤᠨ ᠥᠷᠭᠡᠨ ᠢᠶᠠᠷ ᠤᠬᠠᠭᠤᠯᠤᠨ ᠲᠠᠶᠢᠴᠢᠯᠠᠵᠦ ᠪᠠᠶᠢᠭᠠᠳ ᠡᠭᠦᠳᠦᠨ ᠪᠠᠶᠢᠭᠤᠯᠬᠤ ᠠᠵᠢᠯ ᠳᠤ ᠣᠷᠣᠯᠴᠠᠭᠤᠯᠵᠤ᠂ ᠡᠭᠦᠳᠦᠨ ᠪᠠᠶᠢᠭᠤᠯᠬᠤ ᠠᠵᠢᠯ ᠢ ᠬᠥᠮᠦᠨ ᠪᠦᠬᠦᠨ ᠳᠤ ᠮᠡᠳᠡᠭᠦᠯᠬᠦ ᠬᠡᠷᠡᠭᠲᠡᠢ︔ ᠥᠷᠭᠡᠨ ᠤᠯᠠᠨ ᠬᠥᠳᠡᠭᠡ ᠲᠣᠰᠬᠤᠨ ᠤ ᠡᠮᠡᠭᠲᠡᠢ ᠨᠥᠬᠦᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠭᠡᠷ ᠪᠦᠯᠢ ᠳᠡᠭᠡᠨ ᠰᠠᠭᠤᠷᠢᠯᠠᠵᠤ᠂ ᠲᠥᠪᠯᠡᠷᠡᠭᠦᠯᠦᠨ ᠴᠡᠭᠴᠡᠯᠡᠨ ᠵᠠᠰᠠᠵᠤ᠂ ᠭᠡᠷ ᠪᠦᠯᠢ ᠶᠢᠨ ᠣᠷᠴᠢᠨ ᠲᠣᠭᠤᠷᠢᠨ ᠢ ᠥᠭᠡᠷᠡᠴᠢᠯᠡᠵᠦ᠂ ᠠᠮᠢᠳᠤᠷᠠᠯ ᠤᠨ ᠶᠠᠰᠤ ᠴᠢᠨᠠᠷ ᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠲᠣᠰᠬᠤᠨ ᠤ ᠬᠡᠪ ᠰᠤᠷᠲᠠᠯ ᠠᠷᠠᠳ ᠤᠨ ᠳᠦᠷᠰᠦ ᠪᠠᠶᠢᠳᠠᠯ ᠢ ᠠᠯᠬᠤᠮ ᠠᠯᠬᠤᠮ ᠢᠶᠠᠷ ᠰᠠᠶᠢᠵᠢᠷᠠᠭᠤᠯᠵᠤ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠵᠣᠷᠢᠭᠵᠢᠭᠤᠯᠤᠨ ᠬᠦᠳᠦᠯᠦᠨ ᠵᠢᠯᠣᠭᠤᠳᠤᠨ᠎ᠠ᠃    ᠠᠵᠢᠯᠯᠠᠭ᠎ᠠ ᠶᠢᠨ ᠳᠤᠮᠳᠠ᠂ ︽ ᠦᠵᠡᠰᠬᠦᠯᠡᠩᠲᠦ ᠰᠠᠢᠬᠠᠨ ᠬᠦᠷᠢᠶ᠎ᠡ ᠬᠠᠰᠢᠶ᠎ᠡ ︾ 24 ᠡᠷᠦᠬᠡ᠂ ︽ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ ᠶᠢᠨ ᠵᠢᠱᠢᠶ᠎ᠡ ᠦᠵᠡᠭᠦᠯᠬᠦ ᠡᠷᠦᠬᠡ︾ 4 ᠡᠷᠦᠬᠡ ᠶᠢ ᠰᠢᠯᠭᠠᠷᠠᠭᠤᠯᠤᠨ ᠭᠠᠷᠭᠠᠵᠤ᠂ ᠥᠯᠢᠭᠡᠷ ᠳᠠᠭᠤᠷᠢᠶᠠᠯ ᠤᠨ ᠬᠦᠴᠦᠨ ᠢᠶᠠᠷ ᠳᠠᠮᠵᠢᠭᠤᠯᠤᠨ᠂ ᠪᠥᠬᠦ ᠪᠠᠯᠭᠠᠰᠤᠨ ᠤ ᠡᠮᠡᠭᠲᠡᠶ ᠨᠥᠬᠦᠳ ᠤᠨ ᠳᠤᠮᠳᠠ ︽ᠬᠥᠭᠡᠭᠡᠵᠦ ᠭᠦᠢᠴᠡᠬᠦ᠂ ᠠᠳᠠᠯᠢᠳᠬᠠᠬᠤ᠂ ᠳᠠᠪᠠᠵᠤ ᠭᠠᠷᠬᠤ︾ ᠦᠷᠢᠰᠦᠯᠳᠦᠭᠡᠨ ᠦ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠪᠠᠯᠭᠠᠰᠤᠨ ᠤ ᠣᠯᠠᠨ ᠲᠦᠮᠡᠨ ᠢ ᠬᠥᠲᠥᠯᠥᠨ ᠳᠠᠭᠠᠭᠤᠯᠵᠤ ᠰᠠᠶᠢᠨ ᠰᠠᠶᠢᠬᠠᠨ ᠠᠮᠢᠳᠤᠷᠠᠯ ᠤᠨ ᠵᠠᠩ ᠳᠠᠳᠬᠠᠯ ᠲᠠᠢ ᠪᠣᠯᠭᠠᠵᠤ᠂ ᠨᠠᠩ ᠰᠠᠶᠢᠨ ᠣᠲᠣ ᠦᠶ᠎ᠡ ᠶᠢᠨ ᠪᠣᠯᠪᠠᠰᠤᠨ ᠠᠮᠢᠳᠤᠷᠠᠯ ᠢ ᠡᠳ᠋ᠯᠡᠭᠦᠯᠵᠦ᠂ ᠡᠮᠡᠭᠲᠡᠶᠢᠴᠦᠳ ᠤᠨ ᠬᠦᠴᠦᠨ ᠢᠶᠠᠷ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠵᠠᠶ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号