ᠬᠠᠷᠠᠴᠢᠨ ᠬᠤᠰᠢᠭᠤ ᠪᠠᠯᠠ ᠮᠥᠩᠭᠦ ᠶᠢ ᠵᠣᠯᠭᠠᠭᠤᠯᠬᠤ ᠪᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠠᠬᠢᠭᠤᠯᠬᠤ ᠬᠤᠷᠠᠯ ᠵᠢᠴᠢ 2022 ᠣᠨ ᠤ ᠡᠯ᠎ᠡ ᠱᠠᠲᠤᠨ ᠤ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/9/7
ᠬᠠᠷᠠᠴᠢᠨ ᠬᠤᠰᠢᠭᠤ ᠪᠠᠯᠠ ᠮᠥᠩᠭᠦ ᠶᠢ ᠵᠣᠯᠭᠠᠭᠤᠯᠬᠤ ᠪᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠠᠬᠢᠭᠤᠯᠬᠤ ᠬᠤᠷᠠᠯ ᠵᠢᠴᠢ 2022 ᠣᠨ ᠤ ᠡᠯ᠎ᠡ ᠱᠠᠲᠤᠨ ᠤ ᠬᠢᠨᠠᠨ ᠰᠢᠯᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ    9 ᠰᠠᠷ᠎ᠠ ᠶᠢᠨ 6 ᠤ ᠡᠳᠦᠷ᠂ ᠬᠠᠷᠠᠴᠢᠨ ᠬᠤᠰᠢᠭᠤ 2021 — 2022 ᠣᠨ ᠤ ᠪᠠᠯᠠ ᠮᠥᠩᠭᠦ ᠶᠢ ᠵᠣᠯᠭᠠᠭᠤᠯᠬᠤ ᠪᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠳᠥᠯᠭᠢᠨ ᠠᠬᠢᠭᠤᠯᠬᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠵᠢᠴᠢ ᠤᠯᠠᠭᠠᠨᠬᠠᠳᠠ ᠬᠤᠲᠠ ᠶᠢᠨ 2022 ᠣᠨ ᠤ ᠬᠢᠨᠠᠨ ᠰᠢᠯᠭᠠᠵᠤ ᠦᠨᠡᠯᠡᠨ ᠵᠢᠱᠢᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢᠨ ︽ ᠡᠷᠭᠢᠵᠦ ᠪᠠᠢᠴᠠᠭᠠᠬᠤ︾ ᠳᠠᠯᠳᠠᠭᠤᠷ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠭᠡᠳ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠬᠤ ᠬᠤᠷᠠᠯ ᠬᠤᠷᠠᠯᠳᠤᠭᠤᠯᠪᠠ᠃ 9 ᠰᠠᠷ᠎ᠠ ᠶᠢᠨ 6 ᠤ ᠡᠳᠦᠷ᠂ ᠬᠠᠷᠠᠴᠢᠨ ᠬᠤᠰᠢᠭᠤᠨ ᠤ 2021 — 2022 ᠣᠨ ᠤ ᠪᠠᠯᠠ ᠮᠥᠩᠭᠦ ᠶᠢ ᠵᠣᠯᠭᠠᠭᠤᠯᠬᠤ ᠪᠠ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠠᠬᠢᠭᠤᠯᠬᠤ ᠬᠤᠷᠠᠯ ᠬᠢᠪᠠ᠃ ᠬᠤᠰᠢᠭᠤ ᠨᠠᠮ ᠤᠨ ᠬᠤᠷᠢᠶᠠᠨ ᠤ ᠪᠠᠢᠩᠭᠤ ᠶᠢᠨ ᠭᠡᠰᠢᠭᠦᠨ᠂ ᠳᠡᠳ᠋ ᠳᠠᠷᠤᠭ᠎ᠠ ᠸᠠᠩ ᠸᠧᠨ ᡁᠢ ᠬᠤᠷᠠᠯ ᠳᠤ ᠣᠷᠣᠯᠴᠠᠵᠤ᠂ ᠳᠡᠳ᠋ ᠬᠤᠰᠢᠭᠤᠨ ᠳᠠᠷᠤᠭ᠎ᠠ ᠪᠢᠴᠢᠭᠲᠦ ᠬᠤᠷᠠᠯ  ᠡᠷᠭᠢᠯᠡᠪᠡ᠃ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠤᠤᠯ ᠤᠳᠤᠷᠢᠳᠤᠯᠭ᠎ᠠ ᠪᠣᠯᠤᠨ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃    ᠬᠤᠷᠠᠯ ᠳᠡᠭᠡᠷ᠎ᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠡ 2021 — 2022 ᠣᠨ ᠤ ᠵᠣᠯᠭᠠᠭᠤᠯᠬᠤ ᠪᠡᠯᠡ ᠮᠥᠩᠭᠦ ᠪᠣᠯᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠡᠯᠡ ᠮᠥᠩᠭᠦ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠪᠠᠶᠢᠳᠠᠯ ᠪᠣᠯᠤᠨ ᠪᠡᠯᠡ ᠮᠥᠩᠭᠦᠨ ᠤ ᠵᠠᠷᠤᠯᠭ᠎ᠠ ᠶᠢᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ 2022 ᠣᠨ ᠤ ᠬᠢᠨᠠᠨ ᠰᠢᠯᠭᠠᠵᠤ ᠦᠨᠡᠯᠡᠨ ᠵᠢᠱᠢᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ ᠡᠷᠭᠢᠵᠦ ᠪᠠᠢᠴᠠᠭᠠᠬᠤ ︾ ᠠᠵᠢᠯ ᠢ ᠲᠤᠬᠢᠷᠠᠭᠤᠯᠤᠨ ᠪᠠᠶᠢᠷᠢᠯᠠᠭᠤᠯᠵᠤ᠂ ᠠᠵᠢᠯ ᠤᠨ ᠠᠭᠤᠯᠭ᠎ᠠ ᠪᠣᠯᠤᠨ ᠴᠠᠭ ᠤᠨ ᠵᠠᠩᠭᠢᠯᠠᠭ᠎ᠠ ᠶᠢᠨ ᠴᠡᠭ ᠢ ᠤᠯᠠᠮ ᠴᠢᠨᠠᠭᠰᠢᠳᠠ ᠲᠣᠳᠣᠷᠬᠠᠶᠢᠯᠠᠪᠠ᠃    ᠬᠤᠷᠠᠯ ᠠᠴᠠ᠂ ᠲᠦᠷᠦᠯ ᠵᠦᠢᠯ ᠢ ᠠᠬᠢᠭᠤᠯᠬᠤ ᠡᠷᠴᠢᠮ ᠢᠶᠠᠨ ᠴᠢᠩᠭᠠᠷᠠᠭᠤᠯᠵᠤ᠂ ᠪᠡᠯᠡ ᠮᠥᠩᠭᠦ ᠨᠠᠢᠳᠠᠪᠤᠷᠢᠵᠢᠭᠤᠯᠤᠨ ᠥᠭᠬᠦ ᠠᠬᠢᠴᠠ ᠶᠢ ᠲᠦᠷᠭᠡᠳᠬᠡᠵᠦ᠂ ᠲᠦᠷᠦᠯ ᠵᠦᠢᠯ ᠤᠨ ᠪᠡᠯᠡ ᠮᠥᠩᠭᠦ ᠶᠢᠨ ᠪᠦᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ︔ ᠪᠠᠷᠢᠮᠵᠢᠶ᠎ᠠ ᠶᠢ ᠬᠦᠰᠦᠨᠦᠭᠲᠦ ᠲᠠᠢ ᠬᠠᠷᠭᠤᠭᠤᠯᠵᠤ᠂ ᠵᠣᠯᠭᠠᠭᠤᠯᠬᠤ ᠪᠠᠯᠠ ᠮᠥᠩᠭᠦ ᠬᠢᠭᠡᠳ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠪᠠᠯᠠ ᠮᠥᠩᠭᠦ ᠶᠢᠨ ᠲᠥᠷᠥᠯ ᠵᠦᠢᠯ ᠢ ᠭᠤᠶᠤᠴᠢᠯᠠᠨ ᠮᠡᠳᠡᠭᠦᠯᠬᠦ᠂ ᠬᠡᠷᠡᠭᠵᠢᠭᠦᠯᠬᠦ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ᠂ ᠦᠷᠭᠦᠯᠵᠢᠯᠡᠨ ᠬᠠᠮᠢᠶᠠᠷᠴᠤ ᠬᠠᠮᠠᠭᠠᠯᠠᠬᠤ ᠵᠡᠷᠭᠡ ᠠᠵᠢᠯ ᠢ ᠪᠣᠳᠠᠲᠠᠶᠢᠵᠢᠭᠤᠯᠵᠤ᠂ ᠲᠥᠷᠥᠯ ᠵᠦᠢᠯ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ︔ ᠢᠷᠡᠬᠦ ᠵᠢᠯ ᠤᠨ ᠲᠦᠷᠦᠯ ᠵᠦᠢᠯ ᠢ ᠨᠠᠷᠢᠨ ᠬᠢᠨᠠᠮᠠᠭᠠᠢ ᠰᠤᠳᠤᠯᠤᠨ ᠲᠥᠯᠥᠪᠵᠢᠭᠦᠯᠵᠦ᠂ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠴᠢᠷᠮᠠᠶᠢᠨ ᠪᠣᠳᠠᠲᠠᠢ ᠨᠠᠷᠢᠯᠢᠭ ᠬᠢᠵᠦ᠂ ᠢᠷᠡᠬᠦ ᠵᠢᠯ ᠤᠨ ᠠᠵᠢᠯ ᠤᠨ ᠰᠠᠶᠢᠨ ᠡᠬᠢᠯᠡᠯᠲᠡ ᠲᠠᠢ᠂ ᠪᠦᠬᠦ ᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ︔ ᠡᠯ᠎ᠡ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠬᠢᠨ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠢᠯᠠᠩᠭᠤᠶ᠎ᠠ 2022 ᠣᠨ ᠤ ᠬᠢᠨᠠᠨ ᠰᠢᠯᠭᠠᠵᠤ ᠦᠨᠡᠯᠡᠨ ᠵᠢᠱᠢᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ︽ᠡᠷᠭᠢᠵᠦ ᠪᠠᠶᠢᠴᠠᠭᠠᠬᠤ︾ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠶᠣᠰᠣᠭᠠᠷ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠪᠠᠶᠢᠷᠢᠯᠠᠭᠤᠯᠵᠤ᠂ ᠴᠠᠭ ᠤᠨ ᠬᠢᠵᠠᠭᠠᠷ ᠶᠣᠰᠣᠭᠠᠷ ᠠᠵᠢᠯ ᠤᠨ ᠡᠭᠦᠷᠭᠡ ᠪᠠᠨ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ 
 
ᠢᠷᠡᠯᠲᠡ᠄ ᠬᠠᠷᠠᠴᠢᠠ ᠬᠤᠰᠢᠭᠤᠠ ᠤ ᠠᠷᠠᠳ ᠤᠨ ᠵᠠᠰᠠᠭ ᠤᠨ ᠤᠷᠳᠣᠠ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 © ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备07000271号